ᠪᠦᠭᠦ ᠣᠷᠣᠨ ᠳᠤ ᠡᠮᠴᠢᠯᠡᠭᠡᠨ ᠪᠠ ᠨᠠᠰᠤᠵᠢᠯ ᠤᠨ ᠠᠰᠠᠷᠠᠮᠵᠢ ᠶᠢ ᠤᠶᠠᠯᠳᠤᠭᠤᠯᠤᠭᠰᠠᠨ 174 ᠪᠠᠶᠢᠭᠤᠯᠤᠮᠵᠢ ᠲᠠᠢ ᠪᠣᠯᠪᠠ
ᠨᠡᠶᠢᠲᠡᠯᠡᠭᠰᠡᠨ ᠴᠠᠭ᠄
2024/1/29
     ︽2023 ᠣᠨ ᠳᠤ ᠮᠠᠨ ᠤ ᠣᠷᠣᠨ︿ᠬᠠᠮ ᠡᠷᠡᠭᠦᠯ ᠬᠠᠮᠠᠭᠠᠯᠠᠯ ᠬᠠᠮ ᠡᠷᠡᠭᠦᠯ ᠮᠡᠨᠳᠦ ᠶᠢᠨ ᠣᠶᠢᠯᠠᠭᠠᠭᠳᠠᠬᠤᠨ﹀ ᠢ ᠪᠠᠲᠤ ᠪᠤᠶ ᠪᠣᠯᠭᠠᠨ᠂ ︿ᠡᠪᠡᠳᠴᠢᠨ ᠵᠠᠰᠠᠬᠤ ᠪᠠᠷ ᠭᠤᠣᠯ ᠪᠤᠯᠭᠠᠵᠤ﹀ ᠪᠠᠶᠢᠭᠰᠠᠨ ᠢ ︿ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠤᠯᠭᠠᠬᠤ﹀ ᠲᠡᠶᠢᠰᠢ ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠴᠢᠨᠠᠷᠯᠢᠭ ᠰᠠᠶᠢᠨ ᠥᠨᠳᠥᠷ ᠪᠦᠲᠦᠮᠵᠢᠲᠡᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠭᠢᠯᠡᠭᠴᠢ ᠰᠠᠷᠠᠨᠴᠢᠮᠡᠭ ᠶᠠᠷᠢᠨ᠎ᠠ᠃      1 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ︽2023 ᠣᠨ ᠤ ᠡᠷᠭᠢᠴᠡᠭᠦᠯᠦᠯ︾ᠭᠤᠣᠯ ᠰᠡᠳᠦᠪᠲᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠷᠪᠠᠨ ᠲᠠᠪᠤᠳᠤᠭᠠᠷ ᠲᠠᠯᠠᠪᠠᠢ - ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠤᠰᠬᠠᠢ ᠲᠠᠯᠠᠪᠤᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠦᠭᠦ ᠣᠷᠣᠨ  ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠪᠠᠶᠢᠳᠠᠯ ᠢ ᠪᠦᠭᠦ ᠲᠠᠯ᠎ᠠ ᠪᠠᠷ ᠲᠠᠨᠢᠯᠴᠠᠭᠤᠯᠪᠠ᠃      2023 ᠣᠨ ᠳᠤ ᠮᠠᠨ ᠤ ᠣᠷᠣᠨ ᠴᠢᠨᠠᠷᠯᠢᠭ ᠰᠠᠶᠢᠨ ᠥᠨᠳᠥᠷ ᠪᠦᠲᠦᠮᠵᠢᠲᠡᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢ ᠪᠠᠶᠢᠭᠤᠯᠤᠨ᠂ ᠠᠶᠢᠮᠠᠭ ᠬᠤᠲᠠ ᠬᠤᠰᠢᠭᠤ ᠰᠢᠶᠠᠨ ᠳᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠵᠠᠢ; ᠥᠪᠡᠷᠲᠡᠭᠡᠨ ᠵᠠᠰᠠᠬᠤ ᠣᠷᠣᠨ ᠤ ᠤᠷᠢᠳᠴᠢᠯᠠᠨ ᠰᠡᠷᠭᠡᠶᠢᠯᠡᠬᠦ ᠰᠢᠨᠵᠢᠯᠡᠬᠦ ᠤᠬᠠᠭᠠᠨ ᠤ ᠬᠦᠷᠢᠶᠡᠯᠡᠩ ᠢ ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠬᠠᠯᠳᠠᠪᠤᠷᠢᠲᠤ ᠡᠪᠡᠳᠴᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠲᠥᠪ ᠪᠠ ᠭᠤᠷᠪᠠᠨ ᠱᠠᠲᠤᠨ ᠤ ᠸᠢᠳᠢᠤ᠋ ᠪᠠᠷ ᠵᠥᠪᠳᠡᠯᠴᠡᠬᠦ ᠰᠢᠰᠲ᠋ᠧᠮ ᠢ ᠪᠠᠶᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠬᠥᠮᠥᠰ ᠤᠨ ᠡᠷᠡᠭᠦᠯ ᠮᠡᠨᠳᠦ ᠶᠢ ᠪᠦᠭᠦ ᠲᠠᠯ᠎ᠠ ᠪᠠᠷ ᠬᠠᠮᠠᠭᠠᠯᠠᠬᠤ ᠪᠠ ᠠᠬᠢᠭᠤᠯᠬᠤ ᠲᠡᠶᠢᠰᠢ ᠬᠤᠪᠢᠷᠠᠭᠤᠯᠬᠤ ᠶᠢ ᠠᠭᠢᠭᠤᠯᠪᠠ;ᠳᠥᠷᠪᠡᠨ ᠲᠡᠰ ᠤᠨ ᠣᠶᠤᠨ ᠤ ᠡᠷᠡᠭᠦᠯ ᠬᠠᠮᠠᠭᠠᠯᠠᠯ ᠤᠨ ᠰᠡᠷᠭᠡᠶᠢᠯᠡᠨ ᠵᠠᠰᠠᠬᠤ ᠰᠢᠰᠲ᠋ᠧᠮ ᠢ ᠪᠠᠶᠢᠭᠤᠯᠵᠤ᠂ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠵᠢᠷᠤᠮᠵᠢᠭᠤᠯᠤᠨ ᠬᠠᠮᠢᠶᠠᠷᠬᠤ ᠨᠣᠷᠮ᠎ᠠ ᠵᠡᠷᠭᠡ 5 ᠵᠦᠢᠯ ᠤᠨ ᠭᠦᠢᠴᠡᠳᠬᠡᠯ ᠲᠤᠭ᠎ᠠ ᠤᠯᠤᠰ ᠤᠨ ᠡᠮᠦᠨ᠎ᠡ ᠡᠩᠨᠡᠭᠡᠨ ᠳᠤ ᠵᠢᠭᠰᠠᠭᠰᠠᠨ ᠪᠠᠶᠢᠨ᠎ᠠ᠃ ᠡᠭᠦᠨ ᠤ ᠬᠠᠮᠲᠤ᠂ ᠮᠠᠨ ᠤ ᠣᠷᠣᠨ ᠪᠠᠰᠠ ᠨᠠᠰᠤᠲᠠᠶᠢᠴᠤᠳ ᠤᠨ ᠡᠷᠡᠭᠦᠯ ᠮᠡᠨᠳᠤ ᠶᠢᠨ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠵᠦ᠂ ᠤᠳᠤ ᠪᠦᠭᠦ ᠣᠷᠣᠨ ᠳᠤ ᠡᠮᠴᠢᠯᠡᠭᠡᠨ ᠪᠠ ᠨᠠᠰᠤᠵᠢᠯ ᠤᠨ ᠠᠰᠠᠷᠠᠮᠵᠢ ᠶᠢ ᠤᠶᠠᠯᠳᠤᠭᠤᠯᠤᠭᠰᠠᠨ 174 ᠪᠠᠶᠢᠭᠤᠯᠤᠮᠵᠢ ᠲᠠᠢ ᠪᠣᠯᠵᠤ᠂  3.4 ᠲᠦᠮᠡ ᠰᠢᠬᠠᠮ ᠣᠷᠣ ᠲᠠᠢ ᠪᠠᠶᠢᠵᠤ᠂ ᠪᠦᠭᠦ ᠣᠷᠣᠨ ᠤ 80% ᠠᠴᠠ ᠳᠡᠭᠡᠭᠰᠢᠬᠢ ᠶᠡᠷᠦᠩᠬᠡᠶᠢᠯᠡᠭᠰᠡᠨ ᠴᠢᠨᠠᠷᠲᠠᠢ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠪᠠᠶᠢᠭᠤᠯᠤᠨ᠂ 254 ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠣᠨ 1412 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢ ᠨᠠᠰᠤᠲᠠᠶᠢᠴᠤᠳ ᠲᠤ ᠡᠯᠢᠭᠡᠰᠡᠭ ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠴᠡᠢ᠃      ︽2023 ᠣᠨ ᠳᠤ ᠮᠠᠨ ᠤ ᠣᠷᠣᠨ ᠪᠠᠰᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠷ᠎ᠡ ᠪᠦᠳᠦᠮᠵᠢ ᠶᠢ ᠴᠢᠨᠠᠭᠰᠢᠳᠠ ᠥᠷᠭᠡᠳᠬᠡᠨ ᠪᠠᠬᠢᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠤᠳᠤ ᠦᠶ᠎ᠡ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠥᠮᠥᠰ ᠤᠨ ᠡᠪᠡᠳᠴᠢᠨ ᠢᠶᠠᠨ ᠦᠵᠡᠭᠦᠯᠵᠦ ᠡᠪᠡᠳᠴᠢᠨ ᠢᠶᠠᠨ ᠡᠮᠨᠡᠭᠦᠯᠭᠦ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠪᠡ︾ ᠭᠡᠵᠦ ᠰᠠᠷᠠᠨᠴᠢᠮᠡᠭ ᠶᠠᠷᠢᠵᠤ ᠪᠠᠶᠢᠯ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号