ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/1/29
     2023 ᠣᠨ ᠳᠤ᠂ ᠪᠦᠭᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠡᠩᠨᠡᠭᠡ ᠪᠠᠨ ᠲᠠᠰᠤᠷᠠᠯᠲᠠ ᠦᠭᠡᠢ ᠬᠦᠴᠦᠷᠬᠡᠭᠵᠢᠭᠦᠯᠵᠦ᠂ ᠪᠦᠲᠦᠴᠡ ᠶᠢ ᠰᠢᠯᠢᠳᠡᠭᠵᠢᠭᠦᠯᠦᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠠᠷᠠᠭᠠᠯᠵᠠᠯ ᠢ ᠪᠠᠲᠤᠯᠠᠵᠤ᠂ ᠪᠠᠭᠰᠢ ᠶᠢᠨ ᠡᠩᠨᠡᠭᠡ ᠶᠢ ᠨᠡᠩ ᠢᠯᠡᠭᠦᠦ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠣᠯᠭᠠᠪᠠ᠃
     ᠬᠡᠪᠴᠢᠶ᠎ᠡ ᠪᠠ ᠬᠡᠪ ᠴᠢᠨᠠᠷ ᠲᠣᠭᠲᠠᠭᠤᠨ ᠢᠶᠠᠷ ᠳᠡᠭᠡᠭᠰᠢᠯᠡᠪᠡ      ᠪᠠᠴᠢᠮ ᠲᠤᠲᠠᠭᠳᠠᠵᠤ ᠪᠠᠶᠢᠭ᠎ᠠ ᠬᠢᠴᠢᠶᠡᠯ ᠲᠥᠷᠥᠯ ᠤᠨ ᠪᠠᠭᠰᠢ ᠶᠢᠨ ᠨᠥᠬᠦᠪᠦᠷᠢ ᠶᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠰᠢᠯᠢᠳᠡᠭ ᠪᠠᠭᠰᠢ᠂ ᠰᠤᠷᠭᠠᠭᠤᠯᠢ ᠶᠢᠨ ᠵᠠᠬᠢᠷᠤᠯ ᠢ ᠬᠥᠳᠡᠭᠡ ᠲᠣᠰᠬᠤᠨ ᠤ ᠰᠤᠷᠭᠠᠭᠤᠯᠢ᠂ ᠪᠠᠭᠤᠷᠠᠢ ᠰᠤᠷᠭᠠᠭᠤᠯᠢ ᠳᠠᠰᠢ ᠰᠢᠯᠵᠢᠭᠦ ᠶᠢ ᠭᠤᠣᠯᠳᠠᠯᠭ᠎ᠠ ᠲᠠᠢ ᠴᠢᠩᠭᠠᠳᠬᠠᠨ᠂ ᠪᠦᠭᠦ ᠣᠷᠣᠨ ᠳᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢ ᠨᠡᠶᠢᠲᠡ 10000 ᠰᠢᠬᠠᠮ ᠡᠯᠰᠡᠵᠦ᠂ ᠡᠭᠦᠨ ᠳᠤ ᠬᠥᠳᠡᠭᠡ ᠲᠣᠰᠬᠤᠨ ᠤ ᠪᠠᠭᠰᠢ ᠶᠢ 1000 ᠭᠠᠷᠤᠢ ᠡᠯᠰᠡᠪᠡ᠃ 6700 ᠭᠠᠷᠤᠢ ᠪᠠᠭᠰᠢ᠂ ᠰᠤᠷᠭᠠᠭᠤᠯᠢ ᠶᠢᠨ ᠵᠠᠬᠢᠷᠤᠯ ᠠᠵᠢᠯ ᠤᠨ ᠪᠠᠶᠢᠷᠢ ᠡᠭᠡᠯᠵᠢᠯᠡᠭᠦᠯᠬᠦ ᠳᠤ ᠣᠷᠣᠯᠴᠠᠵᠠᠢ᠃ ᠣᠲᠣ ᠪᠤᠯᠲᠠᠯ᠎ᠠ᠂ ᠪᠦᠭᠦ ᠣᠷᠣᠨ ᠤ ᠪᠠᠭᠰᠢ ᠠᠵᠢᠯᠲᠠᠨ ᠤ ᠲᠤᠭ᠎ᠠ 41.38 ᠲᠦᠮᠡ ᠳᠤ ᠬᠦᠷᠴᠦ᠂ ᠡᠭᠦᠨ ᠳᠤ ᠲᠤᠰᠬᠠᠢ ᠲᠤᠰᠢᠶᠠᠯᠲᠤ ᠪᠠᠭᠰᠢ 31.26 ᠲᠦᠮᠡ ᠪᠠᠶᠢᠵᠤ᠂ ᠲᠦᠷᠦᠭᠦᠸ ᠵᠢᠯ ᠤᠨ ᠬᠢ ᠠᠴᠠ 1.9% ᠪᠠᠷ ᠨᠡᠮᠡᠭᠳᠡᠵᠡᠢ᠃ ᠬᠤᠲᠠ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠵᠢᠩᠬᠢᠨᠢ ᠠᠩᠭᠢ   ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ ᠳᠡᠭᠡᠷ᠎ᠡ ᠵᠢᠯ ᠤᠨ ᠬᠢ ᠠᠴᠠ ᠲᠣᠰ ᠲᠣᠰ 1.16% ᠪᠠ 2.72% ᠢᠶᠠᠷ ᠨᠡᠮᠡᠭᠳᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠰᠫᠢᠷᠠᠨᠲ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠤᠰᠬᠠᠢ ᠪᠠᠭᠰᠢ ᠶᠢᠨ ᠡᠵᠡᠯᠡᠬᠦ ᠬᠠᠷᠢᠴᠠᠯ 19.09% ᠳᠤ ᠬᠦᠷᠴᠦ᠂ ᠶᠡᠭᠡ ᠳᠡᠭᠡᠳᠦ ᠰᠤᠷᠭᠠᠭᠤᠯᠢ ᠶᠢᠨ ᠳ᠋ᠣᠺᠲ᠋ᠣᠷ ᠴᠣᠯᠠ ᠲᠠᠢ ᠪᠠᠭᠰᠢ ᠶᠢᠨ ᠡᠵᠡᠯᠡᠬᠦ ᠬᠠᠷᠢᠴᠠᠯ 21.57% ᠳᠤ ᠬᠦᠷᠴᠦ᠂ ᠪᠠᠭᠰᠢ ᠶᠢᠨ ᠬᠥᠭᠵᠢᠯᠲᠡ ᠶᠢᠨ ᠪᠠᠲᠤᠯᠠᠭ᠎ᠠ ᠬᠦᠴᠦᠲᠡᠢ ᠪᠣᠯᠵᠤ᠂ ᠪᠠᠭᠰᠢ ᠶᠢᠨ ᠡᠩᠨᠡᠭᠡ ᠶᠢᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢᠯᠡᠳᠲᠡ ᠳᠡᠭᠡᠭᠰᠢᠯᠡᠪᠡ᠃      ᠪᠠᠭᠰᠢ ᠶᠢᠨ ᠮᠣᠷᠠᠯ ᠰᠤᠷᠲᠠᠯ ᠦᠷᠭᠦᠯᠵᠢᠯᠡᠨ ᠰᠠᠶᠢᠵᠢᠷᠠᠪᠠ      ᠪᠠᠭᠰᠢ ᠶᠢᠨ ᠮᠣᠷᠠᠯ ᠰᠤᠷᠲᠠᠯ ᠢ ᠲᠡᠷᠢᠭᠦᠨ ᠳᠤ ᠲᠠᠯᠪᠢᠬᠤ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ︽ᠦᠵᠡᠯ ᠰᠠᠨᠠᠭ᠎ᠠ ᠶᠢᠨ ᠰᠦᠭ ᠰᠦᠨᠡᠰᠦ ᠶᠢ ᠱᠤᠭᠤᠬᠤ︾ ᠵᠡᠷᠭᠡ 6 ᠵᠦᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ ᠪᠠᠭᠰᠢ ᠶᠢᠨ ᠮᠣᠷᠠᠯ ᠰᠤᠷᠲᠠᠯ ᠤᠨ ᠤᠷᠢᠳᠴᠢᠯᠠᠨ ᠰᠡᠷᠡᠮᠵᠢᠯᠡᠭᠦᠯᠭᠦ᠂ ᠪᠠᠭᠰᠢ ᠶᠢᠨ ᠮᠣᠷᠠᠯ ᠰᠤᠷᠲᠠᠯ ᠳᠤ ᠬᠤᠯᠪᠣᠭᠳᠠᠭᠰᠠᠨ ᠬᠡᠷᠡᠭ ᠢ ᠬᠠᠷᠭᠤᠭᠤᠯᠤᠨ ᠪᠠᠶᠢᠴᠠᠭᠠᠭᠰᠠᠨ ᠮᠡᠳᠡᠭᠦᠯᠦᠯᠲᠡ᠂ ᠪᠠᠭᠰᠢ ᠶᠢᠨ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ ᠢᠯᠡᠴᠢᠯᠡᠬᠦ ᠲᠣᠭᠲᠠᠴᠠ ᠶᠢ ᠪᠦᠷᠢᠨᠰᠢᠭᠦᠯᠵᠦ᠂ ᠪᠠᠭᠰᠢ ᠠᠵᠢᠯᠲᠠᠨ ᠤ ᠠᠵᠢᠯ ᠲᠦᠷᠦᠯ ᠳᠤ ᠣᠷᠣᠬᠤ ᠶᠢ ᠵᠥᠪᠰᠢᠶᠡᠷᠡᠬᠦ ᠪᠠᠶᠢᠴᠠᠭᠠᠨ ᠯᠠᠪᠯᠠᠯᠲᠠ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠰᠢᠰᠲ᠋ᠧᠮ  ᠪᠦᠷᠢᠨ ᠲᠡᠭᠦᠯᠳᠡᠷ᠂ ᠬᠡᠷᠡᠭᠵᠢᠭᠦᠯᠦᠯᠲᠡ ᠴᠢᠩᠭ᠎ᠠ᠂ ᠬᠠᠷᠢᠭᠤᠴᠠᠯᠭ᠎ᠠ ᠨᠡᠬᠡᠮᠵᠢᠯᠡᠬᠦ ᠳᠤ ᠦᠨᠳᠦᠰᠦ ᠪᠠᠷᠢᠮᠲᠠ ᠲᠠᠢ ᠪᠠᠭᠰᠢ ᠶᠢᠨ ᠮᠣᠷᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠪᠠ᠃ ᠪᠠᠭᠰᠢ ᠶᠢᠨ ᠮᠣᠷᠠᠯ ᠰᠤᠷᠲᠠᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠢᠯᠭᠠᠷᠠᠭᠤᠯᠤᠨ ᠬᠥᠮᠥᠵᠢᠭᠦᠯᠵᠦ᠂ ᠠᠩᠬᠠᠳᠤᠭᠠᠷ ᠬᠤᠭᠤᠴᠠᠭᠠᠨ ᠤ ᠬᠠᠮᠤᠭ ᠤᠨ ᠭᠤᠶᠤ ᠪᠠᠭᠰᠢ ᠶᠢᠨ ᠱᠠᠩᠨᠠᠯ ᠣᠯᠭᠤᠬᠤ ᠦᠳᠡᠰᠢᠯᠡᠭᠡ ᠶᠢ ᠡᠷᠭᠢᠯᠡᠵᠦ᠂ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠨ ᠱᠠᠨ ᠫᠷᠤᠹᠧᠰᠰᠤᠷ ᠪᠦᠭᠦ ᠤᠯᠤᠰ ᠤᠨ ᠠᠷᠪᠠᠨ ︽ᠬᠠᠮᠤᠭ ᠤᠨ ᠭᠤᠶᠤ ᠪᠠᠭᠰᠢ︾ ᠪᠠᠷ ᠦᠨᠡᠯᠡᠭᠳᠡᠵᠦ᠂ ᠨᠡᠶᠢᠲᠡᠯᠢᠭ ᠵᠢᠱᠢᠶ᠎ᠡ ᠶᠢ ᠰᠣᠩᠭᠤᠨ ᠪᠤᠢ ᠪᠤᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠰᠤᠷᠲᠠᠯ ᠴᠢᠬᠡᠴᠢ ᠣᠪᠣᠷ ᠲᠥᠪ ᠬᠥᠮᠥᠨ ᠢ ᠬᠥᠮᠥᠵᠢᠭᠦᠯᠬᠦ ᠠᠭᠤᠷ ᠠᠮᠢᠰᠬᠤᠯ ᠨᠡᠩ ᠥᠳᠬᠡᠨ ᠵᠤᠵᠠᠭᠠᠨ ᠪᠣᠯᠪᠠ᠃      ᠪᠣᠯᠪᠠᠰᠤᠷᠠᠯ ᠢᠶᠠᠷ ᠬᠠᠪᠰᠤᠷᠤᠨ ᠲᠡᠳᠬᠦᠵᠦ ᠪᠠᠶᠢᠩᠭᠤ ᠶᠢᠨ ᠦᠷ᠎ᠡ ᠪᠦᠲᠦᠮᠵᠢ ᠣᠯᠪᠠ      ᠨᠠᠷᠢᠯᠢᠭ ᠣᠨᠣᠴᠠᠲᠠᠢ ᠪᠠᠷ ᠪᠣᠯᠪᠠᠰᠤᠷᠠᠯ ᠬᠦᠷᠲᠡᠭᠡᠬᠦ ᠥᠭᠡᠷᠡᠴᠢᠯᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠦᠯᠦᠭ ᠬᠤᠪᠢᠶᠠᠨ 150 ᠪᠠᠶᠢᠭᠤᠯᠪᠠ᠃ 7500 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠪᠠᠭᠰᠢ ᠶᠢ 2.5 ᠲᠦᠮᠡᠨ ᠬᠥᠮᠥᠨ ᠤᠳᠠᠭ᠎ᠠ ᠪᠣᠯᠪᠠᠰᠤᠷᠠᠯ ᠬᠦᠷᠲᠡᠭᠡᠪᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠣᠭᠠᠴᠢᠯᠠᠭᠰᠠᠨ ᠭᠡᠯᠪᠡᠷᠢ ᠲᠡᠶᠢᠰᠢ ᠬᠤᠪᠢᠷᠠᠬᠤ ᠶᠢ ᠢᠳᠡᠪᠬᠢᠲᠡᠢ ᠠᠬᠢᠭᠤᠯᠵᠤ᠂ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢᠶᠠᠷ ᠪᠠᠭᠰᠢ ᠨᠠᠷ ᠤᠨ ᠵᠤᠨ ᠤ ᠠᠮᠠᠷᠠᠯᠲᠠ ᠳᠤ ᠰᠦᠯᠵᠢᠶᠡᠨ ᠳᠡᠭᠡᠷ᠎ᠡ ᠰᠤᠳᠤᠯᠤᠨ ᠰᠤᠷᠤᠯᠴᠠᠬᠤ ᠶᠢ ᠥᠷᠨᠢᠭᠦᠯᠵᠦ᠂ ᠣᠷᠣᠯᠴᠠᠬᠰᠠᠨ ᠪᠠᠭᠰᠢ ᠨᠠᠷ 24 ᠲᠦᠮᠡ ᠶᠢ ᠳᠠᠪᠠᠪᠠ᠃ ᠪᠦᠯᠭᠦᠮ ᠪᠠᠶᠢᠭᠤᠯᠬᠤ ᠮᠠᠶ᠋ᠢᠭ ᠢᠶᠠᠷ ᠬᠠᠪᠰᠤᠷᠤᠨ ᠲᠡᠳᠬᠦᠬᠦ ᠶᠢ ᠭᠦᠨᠵᠡᠭᠡᠢ ᠥᠷᠨᠢᠭᠦᠯᠵᠦ᠂ 1122 ᠪᠠᠭᠰᠢ ᠶᠢ ᠨᠢᠭᠡᠳᠦᠯᠲᠡᠢ ᠲᠥᠯᠥᠪᠯᠡᠨ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠬᠥᠳᠡᠭᠡ ᠲᠣᠰᠬᠤᠨ ᠤ ᠰᠤᠷᠭᠠᠭᠤᠯᠢ᠂ ᠪᠠᠭᠤᠷᠠᠢ ᠰᠤᠷᠭᠠᠭᠤᠯᠢ ᠳᠤ ᠰᠣᠩᠭᠤᠨ ᠲᠣᠮᠢᠯᠠᠵᠤ ᠰᠤᠷᠭᠠᠨ ᠬᠥᠮᠦᠵᠢᠯ ᠢ ᠳᠡᠮᠵᠢᠪᠡ᠃ ᠳᠡᠮᠵᠢᠵᠦ ᠪᠠᠶᠢᠭ᠎ᠠ ᠰᠤᠷᠭᠠᠭᠤᠯᠢ ᠶᠢᠨ ᠨᠠᠷᠠᠲᠤ ᠰᠤᠷᠭᠠᠭᠤᠯᠢ ᠶᠢᠨ ᠵᠠᠬᠢᠷᠤᠯ ᠨᠠᠷᠠᠲᠤ ᠪᠠᠭᠰᠢ ᠶᠢᠨ ᠠᠵᠢᠯᠯᠠᠬᠤ ᠦᠷᠦᠭᠡ ᠶᠢ ᠠᠰᠢᠭᠯᠠᠨ ᠲᠤᠰᠠᠯᠠᠮᠵᠢ ᠬᠦᠷᠲᠡᠵᠦ ᠪᠠᠶᠢᠭ᠎ᠠ ᠰᠤᠷᠭᠠᠭᠤᠯᠢ ᠠᠴᠠ ᠪᠠᠭᠰᠢ ᠡᠯᠰᠡᠨ᠂ 11500 ᠭᠠᠷᠤᠢ ᠤᠳᠠᠭᠠᠨ ᠤ ᠵᠢᠭᠠᠬᠤ ᠶᠢ ᠰᠤᠳᠤᠯᠬᠤ ᠠᠵᠢᠯᠯᠠᠭ᠎ᠠ ᠥᠷᠨᠢᠭᠦᠯᠪᠡ᠃ ᠲᠤᠰᠠᠯᠠᠮᠵᠢ ᠬᠦᠷᠲᠡᠵᠦ ᠪᠠᠶᠢᠭ᠎ᠠ ᠰᠤᠷᠭᠠᠭᠤᠯᠢ 435 ᠭᠤᠣᠯᠯᠠᠬᠤ ᠪᠠᠭᠰᠢ ᠶᠢ ᠰᠢᠯᠢᠨ ᠰᠣᠩᠭᠤᠵᠤ᠂ ᠲᠡᠮᠵᠢᠵᠦ ᠪᠠᠶᠢᠭ᠎ᠠ ᠰᠤᠷᠭᠠᠭᠤᠯᠢ ᠳᠤ ᠬᠦᠷᠭᠡᠨ ᠠᠵᠢᠯ ᠤᠨ ᠪᠠᠶᠢᠷᠢ ᠲᠠᠭᠠᠨ ᠰᠤᠷᠤᠯᠴᠠᠭᠤᠯᠪᠠ᠃ ᠮᠠᠨ ᠤ ᠣᠷᠣᠨ ᠤ ᠵᠡᠭᠦᠨ᠂ ᠳᠤᠮᠳᠠ᠂ ᠪᠠᠷᠠᠭᠤᠨ ᠬᠡᠰᠡᠭ ᠤᠨ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢᠨ ᠪᠠᠭᠰᠢ ᠶᠢᠨ ᠲᠤᠰᠬᠠᠢ ᠲᠥᠯᠥᠪᠯᠡᠭᠡ ᠪᠠ ᠳᠤᠮᠳᠠᠳᠤ ᠪᠠᠭ᠎ᠠ ᠰᠤᠷᠭᠠᠭᠤᠯᠢ ᠶᠢᠨ ᠪᠤᠭᠤᠷᠤᠯᠴᠤᠳ ᠤᠨ ᠬᠢᠴᠢᠶᠡᠯ ᠵᠢᠭᠠᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ 454 ᠰᠢᠯᠢᠳᠡᠭ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠰᠣᠩᠭᠤᠨ ᠲᠣᠮᠢᠯᠠᠵᠤ ᠰᠤᠷᠭᠠᠨ ᠬᠥᠮᠦᠵᠢᠯ ᠢ ᠳᠡᠮᠵᠢᠬᠦ᠂ ᠰᠤᠳᠤᠯᠭᠠᠨ ᠢ ᠳᠡᠮᠵᠢᠬᠦ ᠠᠵᠢᠯ ᠢ ᠥᠷᠨᠢᠭᠦᠯᠵᠦ᠂ ᠰᠤᠷᠭᠠᠨ ᠬᠥᠮᠦᠵᠢᠯ ᠤᠨ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠴᠢᠳᠠᠪᠤᠷᠢ ᠶᠢ ᠨᠡᠮᠡᠭᠳᠡᠭᠦᠯᠪᠡ᠃      ᠬᠠᠮᠢᠶᠠᠷᠤᠯᠲᠠ ᠶᠢᠨ ᠥᠭᠡᠷᠡᠴᠢᠯᠡᠯᠲᠡ ᠶᠢ  ᠪᠣᠳᠠᠲᠠᠢ ᠨᠠᠶᠢᠳᠠᠪᠤᠷᠢᠵᠢᠭᠤᠯᠪᠠ      ᠡᠯ᠎ᠡ ᠰᠠᠯᠠᠭ᠎ᠠ ᠮᠥᠴᠢᠷ ᠤᠨ ᠠᠵᠢᠯ ᠤᠨ ᠬᠠᠮᠲᠤᠷᠠᠯ ᠤᠨ ᠬᠦᠴᠦᠨ ᠢ ᠲᠥᠪᠯᠡᠷᠡᠭᠦᠯᠵᠦ᠂ ᠪᠠᠭᠰᠢ ᠶᠢᠨ ᠡᠩᠨᠡᠭᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠥᠭᠡᠷᠡᠴᠢᠯᠡᠯᠲᠡ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠪᠠ᠃ 12 ᠳᠡᠭᠡᠳᠦ ᠰᠤᠷᠭᠠᠭᠤᠯᠢ ᠳᠤ 18684 ᠠᠵᠢᠯᠲᠠᠨ ᠤ ᠶᠡᠷᠦᠩᠬᠡᠢ ᠲᠤᠭ᠎ᠠ ᠶᠢ ᠬᠢᠨᠠᠨ ᠲᠣᠭᠲᠠᠭᠠᠵᠤ᠂ ᠬᠢᠵᠠᠭᠠᠷᠯᠠᠬᠤ ᠬᠡᠪᠴᠢᠶᠡᠨ ᠳᠤ 3326 ᠰᠢᠨ᠎ᠡ ᠪᠠᠷ ᠨᠡᠮᠡᠭᠳᠡᠭᠦᠯᠪᠡ᠃ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ︾ ᠶᠢ ᠨᠡᠶᠢᠲᠡᠯᠡᠭᠰᠡᠨ ᠪᠥᠭᠡᠳ ᠪᠠᠷᠢᠮᠵᠢᠶ᠎ᠠ ᠨᠢ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠮᠠᠨ ᠤ ᠣᠷᠣᠨ ᠤ ᠪᠠᠭᠰᠢ ᠠᠵᠢᠯᠲᠠᠨ ᠤ ᠣᠷᠣᠨ ᠲᠤᠭ᠎ᠠ ᠶᠢᠨ ᠪᠠᠷᠢᠮᠵᠢᠶ᠎ᠠ ᠶᠢᠨ ᠰᠢᠰᠲ᠋ᠧᠮ ᠪᠦᠭᠦ ᠰᠤᠷᠤᠯᠭ᠎ᠠ ᠶᠢᠨ ᠱᠠᠲᠤ ᠶᠢ ᠬᠠᠮᠤᠷᠪᠠ᠃ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠬᠢᠷᠢ ᠭᠡᠮ ᠲᠠᠢ︾ ᠪᠠᠭᠰᠢ ᠶᠢ ᠮᠠᠭᠠᠳᠯᠠᠨ ᠲᠣᠭᠲᠠᠭᠠᠬᠤ ᠠᠵᠢᠯ ᠢ ᠠᠩᠬᠠᠯᠠᠨ ᠥᠷᠨᠢᠭᠦᠯᠵᠦ᠂ 9702 ᠪᠠᠭᠰᠢ ᠶᠢ ︽ᠬᠤᠣᠰ ᠬᠢᠷᠢ ᠭᠡᠮ ᠲᠠᠢ︾ ᠪᠠᠭᠰᠢ ᠪᠠᠷ ᠮᠠᠭᠠᠳᠯᠠᠨ ᠲᠣᠭᠲᠠᠭᠠᠵᠤ᠂ ᠡᠨᠡ ᠨᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠬᠢᠴᠢᠶᠡᠯ ᠤᠨ ᠪᠠᠭᠰᠢ ᠶᠢᠨ ᠪᠦᠭᠦ ᠲᠣᠭᠠᠨ ᠤ 57.78% ᠶᠢ ᠡᠵᠡᠯᠡᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠢ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ ᠲᠤᠷᠰᠢᠯᠲᠠ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠣᠷᠣᠨ ᠲᠤᠭ᠎ᠠ ᠳᠤ ᠪᠠᠶᠢᠭ᠎ᠠ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠶᠢ ᠬᠠᠮᠤᠷᠴᠤ᠂ ᠳᠠᠪᠰᠢᠵᠤ ᠪᠠᠭᠤᠵᠤ ᠪᠦᠷ ᠪᠤᠯᠬᠤ ᠬᠢᠨᠠᠨ ᠰᠢᠯᠭᠠᠬᠤ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃      ᠳᠡᠭᠡᠳᠦ ᠲᠠᠰ ᠤᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠰᠢᠨ᠎ᠡ ᠰᠢᠪᠲᠤᠯᠤᠯᠲᠠ ᠲᠠᠢ ᠪᠣᠯᠪᠠ      ︽ᠭᠠᠷᠴᠤ ᠰᠤᠷᠤᠯᠴᠠᠬᠤ᠂ ᠤᠷᠢᠵᠤ ᠠᠪᠴᠢᠷᠠᠬᠤ︾ ᠶᠢ ᠪᠠᠷᠢᠮᠲᠠᠯᠠᠨ᠂  ︽ᠦᠯᠡᠳᠡᠭᠡᠵᠦ ᠳᠡᠶᠢᠯᠭᠦ᠂ ᠰᠠᠶᠢᠲᠤᠷ ᠬᠡᠷᠡᠭᠯᠡᠬᠦ︾ ᠶᠢ ᠴᠢᠬᠤᠯᠠᠴᠢᠯᠠᠵᠤ᠂ ᠳᠡᠭᠡᠳᠦ ᠲᠡᠰ ᠤᠨ ᠴᠢᠳᠠᠪᠤᠷᠢᠲᠠᠨ ᠢ ᠤᠷᠢᠨ ᠬᠥᠮᠥᠵᠢᠭᠦᠯᠵᠦ ᠦᠯᠡᠳᠡᠭᠡᠨ ᠬᠡᠷᠡᠭᠯᠡᠬᠦ ᠪᠠᠶᠢᠭᠤᠯᠤᠮᠵᠢ ᠲᠣᠭᠲᠠᠴᠠ ᠶᠢ ᠨᠡᠩ ᠪᠣᠯᠪᠠᠰᠤᠷᠠᠩᠭᠤᠢ ᠪᠣᠯᠭᠠᠪᠠ᠃ ︽ᠡᠬᠢ ᠡᠭᠦᠰᠦᠯ ᠠᠴᠠ ᠨᠢ ᠬᠥᠮᠥᠵᠢᠭᠦᠯᠬᠦ ᠰᠢᠨ᠎ᠡ ᠬᠥᠮᠥᠨ ᠢ ᠬᠥᠮᠥᠵᠢᠭᠦᠯᠬᠦ︾ ᠶᠢ ᠪᠠᠷᠢᠮᠲᠠᠯᠠᠵᠤ᠂ 4 ᠬᠥᠮᠥᠨ︽ᠴᠠᠩ ᠵᠢᠶᠠᠩ ᠡᠷᠳᠡᠮᠲᠡᠨ ᠢ ᠱᠠᠩᠨᠠᠬᠤ ᠲᠥᠯᠥᠪᠯᠡᠭᠡ︾ ᠶᠢᠨ ᠣᠨᠴᠠ ᠤᠷᠢᠭᠰᠠᠨ ᠫᠷᠤᠹᠧᠰᠰᠤᠷ ᠤᠨ ᠲᠦᠷᠦᠯ ᠵᠦᠢᠯ ᠳᠤ ᠰᠣᠩᠭᠤᠬᠳᠠᠪᠠ; 1 ᠬᠥᠮᠥᠨ ᠵᠠᠯᠠᠭᠤᠴᠤᠳ ᠤᠨ ᠴᠠᠩ ᠵᠢᠶᠠᠩ ᠲᠦᠷᠦᠯ ᠵᠦᠢᠯ ᠳᠤ ᠰᠣᠩᠭᠤᠬᠳᠠᠪᠠ; 2 ᠬᠥᠮᠥᠨ ᠤᠯᠤᠰ ᠤᠨ ᠳᠡᠭᠡᠳᠦ ᠲᠠᠰ ᠤᠨ ᠴᠢᠳᠠᠪᠤᠷᠢᠲᠠᠨ ᠤ ᠣᠨᠴᠠᠭᠠᠶ ᠳᠡᠮᠵᠢᠯᠭᠡ ᠶᠢᠨ ᠲᠥᠯᠥᠪᠯᠡᠭᠡ ᠶᠢᠨ ᠵᠠᠯᠠᠭᠤ ᠣᠷᠣᠶᠢᠯᠠᠭᠰᠠᠨ ᠴᠢᠳᠠᠪᠤᠷᠢᠲᠠᠨ ᠢᠶᠠᠷ ᠰᠣᠩᠭᠤᠭᠳᠠᠵᠤ᠂  2 ᠬᠥᠮᠥᠨ ᠤᠯᠤᠰ ᠤᠨ ᠳᠡᠭᠡᠳᠦ ᠲᠠᠰ ᠤᠨ ᠴᠢᠳᠠᠪᠤᠷᠢᠲᠠᠨ ᠤ ᠣᠨᠴᠠᠭᠠᠶ ᠳᠡᠮᠵᠢᠯᠭᠡ ᠶᠢᠨ ᠲᠥᠯᠥᠪᠯᠡᠭᠡ ᠶᠢᠨ ᠵᠢᠭᠠᠨ ᠰᠤᠷᠭᠠᠯᠲᠠ ᠶᠢᠨ ᠨᠠᠷᠠᠲᠤ ᠪᠠᠭᠰᠢ ᠪᠠᠷ ᠰᠣᠩᠭᠤᠭᠳᠠᠵᠤ᠂  2 ᠪᠦᠯᠭᠦᠮ ᠪᠦᠭᠦ ᠤᠯᠤᠰ ᠤᠨ ᠬᠤᠸᠠᠩ ᠳ᠋ᠠ ᠨᠢᠶᠠᠨ ᠮᠠᠶ᠋ᠢᠭ ᠤᠨ ᠪᠠᠭᠰᠢ ᠶᠢᠨ ᠪᠦᠯᠭᠦᠮ ᠢᠶᠠᠷ ᠰᠣᠩᠭᠤᠬᠳᠠᠪᠠ;8 ᠪᠠᠭᠰᠢ ᠰᠤᠷᠭᠠᠭᠤᠯᠢ ᠶᠢᠨ ᠵᠠᠬᠢᠷᠤᠯ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ︽ᠬᠤᠣᠰ ᠨᠡᠷᠡᠳᠦ ᠪᠠᠭᠰᠢ︾ ᠶᠢᠨ ᠲᠥᠯᠥᠪᠯᠡᠭᠡ ᠳᠤ ᠰᠣᠩᠭᠤᠭᠳᠠᠵᠤ᠂ 6 ᠪᠠᠭᠰᠢ ᠰᠤᠷᠭᠠᠭᠤᠯᠢ ᠶᠢᠨ ᠵᠠᠬᠢᠷᠤᠯ ᠤᠯᠤᠰ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠭᠤᠷᠪᠠᠨ ᠨᠡᠷᠡᠳᠦ ᠪᠠᠭᠰᠢ︾ ᠶᠢᠨ ᠲᠥᠯᠥᠪᠯᠡᠭᠡ ᠳᠤ ᠰᠣᠩᠭᠤᠭᠳᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠢᠨ ᠬᠤᠶᠢᠰᠢᠳᠠ ᠰᠤᠷᠭᠠᠨ ᠬᠥᠮᠦᠵᠢᠯ ᠤᠨ ᠵᠢᠳᠬᠦᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠷᠠᠭᠠᠯᠵᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠦᠭᠦ ᠨᠡᠶᠢᠭᠡᠮ ᠢᠶᠠᠷ ᠢᠶᠠᠨ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠪᠠᠭᠰᠢ ᠨᠠᠷ ᠢ ᠨᠡᠶᠢᠭᠡᠮ ᠳᠤ ᠬᠠᠮᠤᠭ ᠠᠴᠠ ᠢᠯᠡᠭᠦᠦ ᠬᠦᠨᠳᠦᠳᠬᠡᠭᠳᠡᠬᠦ ᠪᠠ ᠪᠠᠭᠰᠢ ᠶᠢᠨ ᠠᠵᠢᠯ ᠢ ᠬᠥᠮᠥᠰ ᠢ ᠪᠢᠰᠢᠷᠡᠭᠦᠯᠦᠮ᠎ᠡ ᠠᠵᠢᠯ ᠮᠡᠷᠭᠡᠵᠢᠯ ᠪᠤᠯᠭᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号