ᠰᠢᠨ᠎ᠡ ᠵᠢᠯ ᠤᠨ ᠠᠮᠠᠷᠠᠯᠲᠠ ᠶᠢᠨ ᠡᠮᠦᠨ᠎ᠡ ᠬᠤᠶᠠᠷ ᠡᠳᠦᠷ ᠲᠤ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 28.31 ᠳ᠋ᠦᠩᠰᠢᠭᠤᠷ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2024/1/3
     2023 ᠣᠨ ᠤ 12 ᠳ᠋ᠤᠭᠠᠷ ᠰᠠᠷ᠎ᠠ ᠶᠢᠨ 31 ᠤ ᠣᠷᠣᠢ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠡᠶᠢᠲᠡᠯᠡᠭᠰᠡᠨ ᠮᠡᠳᠡᠭᠡ ᠠᠴᠠ ᠦᠵᠡᠪᠡᠯ᠂ ᠰᠢᠨ᠎ᠡ ᠵᠢᠯ ᠤᠨ ᠠᠮᠠᠷᠠᠯᠲᠠ ᠶᠢᠨ ᠡᠮᠦᠨ᠎ᠡ ᠬᠤᠶᠠᠷ ᠡᠳᠦᠷ ᠲᠤ ᠥᠪᠥᠷ ᠮᠣᠩᠭᠤᠯ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 451.35 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 28.31 ᠳ᠋ᠦᠩᠰᠢᠭᠤᠷ ᠲᠥᠭᠦᠷᠢᠭ ᠪᠡᠶᠡᠯᠡᠭᠦᠯᠵᠡᠢ᠃      ᠰᠢᠨ᠎ᠡ ᠵᠢᠯ ᠤᠨ ᠠᠮᠠᠷᠠᠯᠲᠠ ᠶᠢᠨ ᠨᠢᠭᠡᠳᠦᠭᠡᠷ ᠡᠳᠦᠷ ᠲᠤ᠂ ᠪᠥᠬᠦ ᠣᠷᠣᠨ ᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 214.90 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ 2.6 ᠳᠠᠬᠢᠨ ᠪᠣᠯᠵᠠᠢ︔ ᠵᠢᠭᠤᠯᠴᠢᠯᠠᠯ ᠤᠨ ᠣᠷᠣᠯᠭ᠎ᠠ ᠶᠢ 13.31 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ 3.3 ᠳᠠᠬᠢᠨ ᠪᠣᠯᠵᠠᠢ᠃ ᠠᠮᠠᠷᠠᠯᠲᠠ ᠶᠢᠨ ᠬᠤᠶᠠᠳᠤᠭᠠᠷ ᠡᠳᠦᠷ ᠲᠤ᠂ ᠪᠦᠬᠦ ᠣᠷᠣᠨ ᠤ ᠬᠦᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠤᠨ ᠲᠤᠭ᠎ᠠ 236.45 ᠲᠦᠮᠡᠨ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ 4.1 ᠳᠠᠬᠢᠨ ᠪᠣᠯᠵᠠᠢ︔ ᠵᠢᠭᠤᠯᠴᠢᠯᠠᠯ ᠤᠨ ᠣᠷᠣᠯᠭ᠎ᠠ ᠶᠢ 15 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ 5.3 ᠳᠠᠬᠢᠨ ᠪᠣᠯᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号