ᠮᠠᠨ ᠤ ᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 135.35 ᠲᠦᠮᠡᠨ ᠬᠥᠮᠥᠨ ᠤᠳᠠᠭ᠎ᠠ ᠬᠦᠯᠢᠶᠡᠨ ᠠᠪᠴᠤ  ᠵᠢᠭᠤᠯᠴᠢᠯᠠᠭᠴᠢᠳ ᠢ ᠬᠦᠯᠢᠶᠡᠨ  ᠠᠪᠤᠭᠰᠠᠨ ᠲᠤᠭ᠎ᠠ ᠪᠣᠯᠣᠨ ᠬᠦᠯᠢᠶᠡᠨ ᠠᠪᠤᠭᠰᠠᠨ ᠶᠡᠷᠦᠩᠬᠡᠢ ᠲᠤᠭ᠎ᠠ ᠴᠥᠮ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/1/3
     ︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠰᠢᠨ᠎ᠡ ᠣᠨ ᠤ ᠠᠮᠠᠷᠠᠯᠲᠠ ᠶᠢᠨ  ᠭᠤᠷᠪᠠᠨ ᠡᠳᠦᠷ ᠲᠤ᠂ ᠮᠠᠨ ᠤ ᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 135.35 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ  ᠬᠤᠭᠤᠴᠠᠭᠠᠨ ᠤ ᠬᠢ ᠠᠴᠠ 205.70% ᠪᠠᠷ ᠨᠡᠮᠡᠭᠳᠡᠪᠡ︔ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ ᠨᠡᠶᠢᠲᠡ 8.91 ᠳ᠋ᠦᠩᠰᠢᠭᠤᠷ ᠲᠥᠭᠦᠷᠢᠭ  ᠬᠦᠷᠴᠦ᠂ ᠠᠳᠠᠯᠢ ᠬᠤᠭᠤᠴᠠᠭᠠᠨ ᠤ  ᠬᠢ ᠠᠴᠠ 336.06% ᠪᠠᠷ ᠨᠡᠮᠡᠭᠳᠡᠪᠡ᠃              ᠪᠠᠶᠠᠷ ᠤᠨ ᠡᠳᠦᠷ ᠤᠨ ᠬᠤᠭᠤᠴᠠᠭᠠᠨ ᠳᠤ᠂ ᠮᠠᠨ ᠤ ᠬᠤᠲᠠ ᠶᠢᠨ ᠡᠳᠦᠷ ᠳᠤᠮᠳᠠᠴᠢ ᠶᠢᠨ ᠭᠥᠯᠢᠶᠡᠨ ᠠᠪᠴᠤ ᠵᠣᠴᠢᠯᠠᠭᠰᠠᠨ ᠤᠯᠤᠰ ᠤᠨ ᠳᠣᠲᠣᠭᠠᠳᠤ ᠶᠢᠨ  ᠵᠢᠭᠤᠯᠴᠢᠯᠠᠭᠴᠢᠳ ᠤᠨ ᠲᠤᠭ᠎ᠠ ᠪᠠ ᠶᠡᠷᠦᠩᠬᠡᠢ ᠭᠥᠯᠢᠶᠡᠨ‌ᠠᠪᠤᠭᠰᠠᠨ ᠲᠤᠭ᠎ᠠ ᠨᠢ ᠴᠥᠮ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠤ ᠵᠢᠭᠰᠠᠭᠠᠭᠳᠠᠵᠤ᠂ ᠣᠷᠣᠯᠭ᠎ᠠ ᠨᠢ ᠪᠥᠬᠦ  ᠣᠷᠣᠨ ᠤ ᠶᠡᠷᠦᠩᠬᠡᠢ ᠣᠷᠣᠯᠭ᠎ᠠ ︵44.08 ᠳ᠋ᠦᠩᠰᠢᠭᠤᠷ ᠲᠥᠭᠦᠷᠢᠭ︶ ᠶᠢᠨ 20% ᠶᠢ ᠡᠵᠡᠯᠡᠵᠦ᠂ ᠪᠥᠬᠦ ᠣᠷᠣᠨ ᠤ ᠨᠢᠭᠡᠳᠦᠭᠡᠷ ᠲᠤ ᠵᠢᠭᠰᠠᠭᠠᠭᠳᠠᠵᠠᠢ᠃              ᠲᠠᠨᠢᠯᠴᠠᠭᠤᠯᠤᠭᠰᠠᠨ ᠢᠶᠠᠷ᠂ ᠰᠢᠨ᠎ᠡ ᠣᠨ ᠤ ᠠᠮᠠᠷᠠᠯᠲᠠ ᠶᠢᠨ ᠡᠮᠦᠨ᠎ᠡ ᠬᠤᠶᠠᠷ ᠡᠳᠦᠷ ᠲᠤ᠂ ᠮᠠᠨ ᠤ ᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ  82.87 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 177.00% ᠨᠡᠮᠡᠭᠳᠡᠪᠡ︔ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ  ᠣᠷᠣᠯᠭ᠎ᠠ  5.50 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 298.18% ᠪᠠᠷ ᠨᠡᠮᠡᠭᠳᠡᠪᠡ᠃              ᠰᠢᠨ᠎ᠡ ᠣᠨ ᠤ ᠠᠮᠠᠷᠠᠯᠲᠠ ᠶᠢᠨ ᠭᠤᠷᠪᠠᠳᠤᠭᠠᠷ ᠡᠳᠦᠷ ︵1 ᠰᠠᠷ᠎ᠠ ᠶᠢᠨ 1 ᠤ ᠡᠳᠦᠷ︶᠂ ᠮᠠᠨ ᠤ ᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 52.48  ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 265.49% ᠪᠠᠷ ᠨᠡᠮᠡᠭᠳᠡᠪᠡ︔ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ  ᠣᠷᠣᠯᠭ᠎ᠠ 3.41 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 414.97% ᠪᠠᠷ ᠨᠡᠮᠡᠭᠳᠡᠪᠡ᠃              ᠬᠤᠲᠠ ᠶᠢᠨ ᠲᠣᠭᠤᠷᠢᠭ ᠤᠨ ᠰᠢᠨ᠎ᠡ ᠣᠨ ᠢᠶᠠᠨ ᠤᠭᠲᠤᠬᠤ  ᠬᠦᠳᠡᠯᠭᠡᠭᠡᠨ ︵2023 ᠣᠨ ᠤ 12 ᠰᠠᠷ᠎ᠠ ᠶᠢᠨ 31 ᠤ ᠡᠳᠦᠷ︶ ᠳᠤ ᠣᠷᠣᠯᠴᠠᠭᠰᠠᠨ ᠬᠥᠮᠥᠨ ᠤ ᠲᠤᠭ᠎ᠠ  ᠨᠡᠶᠢᠲᠡ ᠪᠠᠷᠤᠭ 165 ᠲᠦᠮᠡᠨ ᠬᠥᠮᠥᠨ ᠤᠳᠠᠭ᠎ᠠ ᠳᠤ ᠬᠦᠷᠴᠡᠢ ︵ᠡᠭᠦᠨ ᠳᠤ ᠬᠤᠲᠣᠩ ᠠᠷᠠᠳ ᠤᠨ ᠲᠣᠭᠤᠷᠢᠭ 87 ᠲᠦᠮᠡ᠂ ᠰᠢᠨ᠎ᠡ ᠬᠤᠲᠠ ᠲᠣᠭᠤᠷᠢᠭ 18.5 ᠲᠦᠮᠡ᠂  ᠰᠠᠶᠢᠬᠠᠨ ᠲᠣᠭᠤᠷᠢᠭ 43.2 ᠲᠦᠮᠡ᠂ ᠢᠦᠢ ᠴᠢᠦᠸᠠᠨ ᠲᠣᠭᠤᠷᠢᠭ 15.8 ᠲᠦᠮᠡ︶᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号