ᠰᠠᠶᠢᠬᠠᠨ ᠲᠣᠭᠤᠷᠢᠭ᠄ ᠠᠵᠤ ᠦᠢᠯᠡᠰ ᠢ ᠡᠷᠡᠰ ᠭᠤᠶᠢᠪᠢᠰᠢ ᠦᠭᠡᠢ ᠠᠳᠭᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ  ᠡᠷᠢᠯᠬᠢᠯᠡᠨ᠎ᠡ
ᠨᠡᠶᠢᠲᠡᠯᠡᠭᠰᠡᠨ ᠴᠠᠭ᠄
2024/1/30
ᠠᠵᠤ ᠦᠢᠯᠡᠰ ᠢ ᠡᠷᠡᠰ ᠭᠤᠶᠢᠪᠢᠰᠢ ᠦᠭᠡᠢ ᠠᠳᠭᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ  ᠡᠷᠢᠯᠬᠢᠯᠡᠨ᠎ᠡ︱ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ  ᠶᠢ ᠰᠤᠷᠪᠤᠯᠵᠢᠯᠠᠭᠰᠠᠨ ᠨᠢ    【2024 ᠣᠨ ᠳᠤ᠂ ᠰᠠᠶᠢᠬᠠᠨ ᠲᠣᠭᠤᠷᠢᠭ ᠤᠨ  ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠬᠤᠳᠠ ᠶᠢᠨ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠣᠰᠣᠭᠠᠷ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠵᠤ᠂ ᠠᠵᠤ ᠦᠢᠯᠡᠰ ᠢ ᠡᠷᠡᠰ ᠭᠤᠶᠢᠪᠢᠰᠢ ᠦᠭᠡᠢ ᠪᠠᠷ ᠠᠳᠬᠤᠵᠤ᠂ ᠪᠣᠳᠠᠲᠤ ᠴᠣᠭᠴᠠ ᠶᠢᠨ ᠠᠵᠤ ᠠᠬᠤᠢ ᠶᠢ ᠠᠳᠬᠤᠵᠤ᠂ ᠠᠵᠤ ᠠᠬᠤᠢ ᠶᠢᠨ ᠪᠠᠭᠲᠠᠭᠠᠮᠵᠢ ᠶᠢ ᠪᠤᠵᠠᠭᠠᠶᠢᠷᠠᠭᠤᠯᠵᠤ᠂ ᠰᠠᠶᠢᠬᠠᠨ ᠲᠣᠭᠤᠷᠢᠭ ᠤᠨ 2024 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 1200 ᠳ᠋ᠦᠩᠰᠢᠭᠤᠷ ᠲᠥᠭᠦᠷᠢᠭ ᠤᠨ ᠬᠠᠷᠠᠯᠲᠠ ᠶᠢ ᠪᠡᠶᠡᠯᠡᠭᠦᠯᠬᠦ ᠬᠡᠷᠡᠭᠲᠡᠢ】ᠭᠡᠵᠦ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠬᠡᠯᠡᠪᠡ᠃              2024 ᠣᠨ ᠤ ᠠᠵᠢᠯ ᠢ ᠰᠠᠶᠢᠲᠤᠷ ᠬᠢᠬᠦ ᠳᠤ᠂ ᠰᠠᠶᠢᠬᠠᠨ ᠲᠣᠭᠤᠷᠢᠭ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠴᠢᠷᠮᠠᠶᠢᠨ᠎ᠠ᠄      ᠬᠤᠶᠠᠳᠤᠭᠠᠷ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠠᠵᠤ ᠦᠢᠯᠡᠳᠪᠦᠷᠢ ᠪᠠᠷ ᠲᠣᠭᠤᠷᠢᠭ ᠢᠶᠠᠨ ᠬᠦᠴᠦᠷᠬᠡᠭᠵᠢᠭᠦᠯᠬᠦ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠣᠲᠣ ᠦᠶ᠎ᠡ ᠶᠢᠨ ᠠᠵᠤ ᠦᠢᠯᠡᠰ ᠤᠨ ᠳᠠᠭᠠᠭᠤᠯᠤᠭᠴᠢ ᠪᠣᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠣᠯ ᠴᠣᠭᠴᠠ ᠶᠢ ᠪᠤᠵᠠᠭᠠᠶᠢᠷᠠᠭᠤᠯᠬᠤ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠠᠵᠤ ᠦᠢᠯᠡᠰ ᠤᠨ ᠬᠡᠯᠬᠢᠶ᠎ᠡ ᠶᠢ ᠬᠥᠨᠳᠡᠯᠡᠨ ᠢᠶᠠᠷ ᠤᠷᠲᠤᠳᠬᠠᠬᠤ᠂ ᠭᠤᠯᠳᠤ ᠴᠢᠭᠯᠡᠯ ᠢᠶᠠᠷ ᠡᠪᠴᠡᠯᠳᠦᠬᠦ ᠶᠢ ᠠᠬᠢᠭᠤᠯᠬᠤ 3 ᠴᠢᠭᠯᠡᠯ ᠠᠴᠠ ᠬᠦᠴᠦᠯᠡᠬᠦ ᠬᠡᠷᠡᠭᠲᠡᠢ᠃ ᠮᠠᠨ ᠤ ᠲᠣᠭᠤᠷᠢᠭ ᠲᠤᠯᠭᠠᠭᠤᠷᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠵᠥᠩ ᠬᠤᠸᠠᠨ᠂ ᠬᠥᠬᠡᠬᠤᠲᠠ ᠶᠢᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠮᠧᠩ ᠺᠦᠨ ᠶᠠᠨᠵᠤᠤᠷ ᠲᠠᠮᠠᠬᠢᠨ ᠤ ᠦᠢᠯᠡᠳᠬᠦᠨ ᠤ ᠥᠷᠲᠡᠭ ᠢ 820 ᠳ᠋ᠦᠩᠰᠢᠭᠤᠷ ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ᠂ ᠰᠢᠨ ᠬᠤᠸᠠ᠂  ᠰᠠᠢ ᠱᠧᠩ᠂ ᠳᠤᠮᠳᠠ ᠲᠣᠭᠤᠷᠢᠯᠲᠠ ᠶᠢᠨ ᠳᠣᠯᠣᠳᠤᠭᠠᠷ ᠬᠤᠭᠤᠴᠠᠭ᠎ᠠ ᠵᠡᠷᠭᠡ ᠲᠦᠷᠦᠯ ᠵᠦᠢᠯ ᠢ ᠲᠦᠷᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠳᠦᠷᠢᠮ ᠲᠣᠭᠲᠠᠭᠠᠯ ᠢ ᠳᠡᠪᠰᠢᠭᠦᠯᠵᠦ ᠨᠢᠭᠡᠳᠦᠯ ᠳᠤ ᠣᠷᠣᠭᠤᠯᠬᠤ ᠬᠡᠷᠡᠭᠲᠡᠢ᠃ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ︽ᠬᠤᠶᠠᠷ ᠶᠡᠭᠡ ᠬᠦᠷᠢᠶᠡᠯᠡᠩ ᠲᠣᠭᠤᠷᠢᠭ︾ ᠤᠨ ᠠᠵᠤ ᠠᠬᠤᠢ ᠶᠢ ᠬᠦᠴᠦᠷᠬᠡᠭᠵᠢᠭᠦᠯᠵᠦ᠂ ᠵᠥᠩ ᠬᠤᠸᠠᠨ᠂ ᠾᠧ ᠱᠧᠩ᠂ ᠰᠢᠶ᠋ᠧ ᠰᠢᠨ ᠵᠡᠷᠭᠡ ᠭᠤᠷᠪᠠᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠤᠨ ᠬᠥᠲᠥᠯᠥᠨ ᠳᠠᠭᠠᠭᠤᠯᠤᠭᠰᠠᠨ ᠴᠠᠬᠢᠭᠤᠷ ᠮᠠᠲ᠋ᠧᠷᠢᠶᠠᠯ ᠤᠨ ᠲᠡᠷᠢᠭᠦᠨ ᠤ ᠦᠢᠯᠡᠳᠬᠦ ᠦᠢᠯᠡᠰ ᠤᠨ ᠰᠦᠷᠦᠭᠵᠢᠯ ᠢ ᠪᠣᠶ ᠪᠣᠯᠭᠠᠨ᠎ᠠ᠃ ᠴᠢᠯᠠᠭᠤᠨ ᠲᠤᠰᠤᠨ ᠤ ᠬᠢᠮᠢ ᠶᠢᠨ ᠠᠵᠤ ᠦᠢᠯᠡᠳᠪᠦᠷᠢ᠂ ᠴᠠᠬᠢᠭᠤᠷ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢᠨ ︽ᠴᠡᠷᠢᠭ ᠤᠨ ᠠᠵᠤ ᠦᠢᠯᠡᠳᠪᠦᠷᠢ ᠶᠢ ᠮᠣᠩᠭᠤᠯ ᠳᠤ ᠣᠷᠣᠭᠤᠯᠬᠤ︾ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠲᠠᠰ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ ᠵᠢᠱᠢᠶ᠎ᠡ ︽ᠬᠤᠶᠠᠷ ᠬᠦᠷᠢᠶᠡᠯᠡᠩ ᠲᠣᠭᠤᠷᠢᠭ︾ ᠤᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ᠃            ᠬᠤᠳᠠ ᠶᠢᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠠᠮᠤ ᠪᠤᠳᠠᠭᠠᠨ ᠤ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠬᠤ᠂ ᠢᠳᠡᠰᠢᠨ ᠨᠣᠭᠤᠭ᠎ᠠ ᠶᠢᠨ ᠬᠠᠩᠭᠠᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ᠂  ᠰᠦ ᠶᠢᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ᠂ ᠣᠶᠢᠵᠢᠭᠤᠯᠤᠯᠲᠠ ᠶᠢᠨ ᠲᠠᠯᠠᠪᠠᠢ ᠶᠢ ᠳᠡᠭᠡᠭᠰᠢᠯᠡᠭᠦᠯᠬᠦ ᠵᠡᠷᠭᠡ 4 ᠲᠠᠯ᠎ᠠ ᠠᠴᠠ ᠪᠣᠭᠤᠮᠲᠠ ᠰᠢᠪᠲᠤᠯᠬᠤ ᠪᠠᠷ ᠬᠦᠴᠦᠯᠡᠨ ᠴᠢᠷᠮᠠᠶᠢᠨ᠎ᠠ᠃ ᠬᠥᠲᠥᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠪᠥᠬᠦ ᠴᠠᠷᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠦᠨ᠎ᠡ᠃ ︽ᠲᠠᠷᠢᠶᠠᠯᠠᠩ ᠰᠣᠶᠣᠯ ᠤᠨ ᠵᠢᠭᠤᠯᠴᠢᠯᠠᠯ ᠤᠨ ᠴᠣᠭᠴᠠ︾ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠳᠡᠯ ᠠᠭᠤᠯᠠ ᠶᠢᠨ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢ ᠪᠠᠶᠢᠭᠤᠯᠬᠤ ᠶᠢᠨ ᠲᠣᠭᠤᠷᠢᠨ ᠳᠤ᠂ ᠠᠷᠠᠳ ᠤᠨ ᠣᠷᠣᠨ ᠰᠠᠭᠤᠴᠠ ᠶᠢᠨ ᠠᠵᠤ ᠠᠬᠤᠢ ᠶᠢ ᠬᠥᠭᠵᠢᠭᠦᠯᠵᠦ᠂ ᠲᠠᠷᠢᠶᠠᠯᠠᠩ ᠤᠨ ᠲᠠᠯᠠᠪᠠᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠠᠮᠲᠤᠪᠠᠷ ᠡᠳ᠋ᠯᠡᠨ᠎ᠡ ᠃ ᠪᠠᠢ ᠲᠠ ᠲᠣᠰᠬᠤᠨ᠂ ᠲᠤᠤ ᠪᠦ᠋ ᠴᠢ ᠲᠣᠰᠬᠤᠨ᠂ ᠱᠣ ᠭᠤᠸᠠᠩ ᠲᠣᠰᠬᠤᠨ 3 ᠾᠧ ᠮᠧᠶ ᠲᠣᠰᠬᠤᠨ ᠢ ᠪᠠᠶᠢᠭᠤᠯᠤᠨ᠎ᠠ᠃            ᠬᠤᠳᠠᠯᠳᠤᠭ᠎ᠠ ᠶᠢ ᠴᠡᠴᠡᠭᠯᠡᠭᠦᠯᠦᠨ ᠬᠥᠭᠵᠢᠭᠦᠯᠵᠦ᠂ ᠬᠤᠳᠠ ᠶᠢᠨ ᠠᠮᠢᠳᠤᠯᠢᠭ ᠬᠦᠴᠦᠨ ᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠬᠡᠷᠡᠭᠯᠡᠭᠡᠨ ᠤ ᠲᠥᠪ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠠᠶᠢᠬᠠᠨ ᠬᠠᠨ ᠬᠡᠯᠡᠨ ᠤ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠵᠡᠷᠭᠡ 4 ᠲᠠᠯ᠎ᠠ ᠶᠢᠨ ᠪᠡᠷᠬᠡ ᠰᠡᠳᠦᠪ ᠢ ᠰᠢᠢᠳᠪᠦᠷᠢᠯᠡᠵᠦ᠂ ᠭᠤᠷᠪᠠᠳᠤᠭᠠᠷ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠪᠠ᠃ ᠶᠡᠷᠦᠩᠬᠡᠢ ᠬᠡᠯᠲᠡᠰ ᠤᠨ ᠠᠵᠤ ᠠᠬᠤᠢ᠂ ᠠᠰᠠᠷ ᠲᠠᠭᠲᠤ ᠶᠢᠨ ᠠᠵᠤ ᠠᠬᠤᠢ᠂ ᠲᠣᠭᠠᠵᠢᠭᠤᠯᠤᠭᠰᠠᠨ ᠠᠵᠤ ᠠᠬᠤᠢ ᠶᠢ ᠬᠥᠭᠵᠢᠭᠦᠯᠵᠦ᠂ ᠪᠠᠶᠠᠷ ᠳᠤᠷᠠᠰᠬᠠᠯ᠂ ᠴᠤᠭᠯᠠᠭᠠᠨ ᠦᠵᠡᠰᠬᠦᠯᠡᠩ᠂ ᠵᠤᠨ ᠤ ᠤᠯᠠᠷᠢᠯ᠂ ᠮᠥᠰᠥ ᠴᠠᠰᠤ ᠵᠡᠷᠭᠡ ᠰᠢᠷᠢᠰ ᠠᠵᠢᠯᠯᠠᠭ᠎ᠠ ᠶᠢ ᠤᠬᠠᠭᠠᠯᠠᠨ ᠲᠥᠯᠥᠪᠯᠡᠨ᠎ᠡ᠃            ︽ᠲᠠᠪᠤᠨ ᠲᠣᠬᠢᠷᠠᠮᠵᠢᠲᠠᠢ︾ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠠᠳᠠᠯ ᠠᠬᠤᠢ᠂ ᠳᠤᠯᠠᠭᠠᠯᠠᠭ᠎ᠠ ᠵᠡᠷᠭᠡ ᠲᠠᠯ᠎ᠠ ᠳᠤ ᠠᠩᠬᠠᠷᠤᠯ ᠵᠶ᠋ᠠᠨ‌‍ᠲ᠋ᠥ᠋ᠪᠯᠡᠷᠡᠭᠦᠯᠦᠨ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠷᠠᠳ ᠤᠨ ᠠᠮᠢᠳᠤᠷᠠᠯ ᠤᠨ 157 ᠲᠥᠷᠥᠯ ᠵᠦᠢᠯ ᠢ ᠬᠡᠷᠡᠭᠵᠢᠭᠦᠯᠵᠦ᠂ ᠲᠤᠬᠠᠢ ᠶᠢᠨ ᠵᠢᠯ ᠳᠤ 48 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠥᠪᠥᠷ ᠮᠣᠩᠭᠤᠯ ᠤᠨ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠮᠨᠡᠯᠭᠡ ᠶᠢᠨ ᠬᠤᠷᠢᠶ᠎ᠠ ᠶᠢ ᠭᠤᠣᠯᠳᠠᠯᠭ᠎ᠠ ᠲᠠᠢ ᠪᠠᠷ ᠠᠯᠳᠠᠷᠰᠢᠭᠤᠯᠵᠤ᠂ ᠨᠥᠯᠥᠭᠡᠯᠡᠬᠦ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠬᠤᠪᠢᠶᠠᠷᠢ ᠡᠮᠨᠡᠯᠭᠡ ᠶᠢᠨ ᠬᠤᠷᠢᠶ᠎ᠠ ᠶᠢᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ 22 ᠰᠠᠭᠤᠷᠢ ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ ᠤᠮᠠᠷᠠᠲᠤ ᠬᠤᠶᠠᠳᠤᠭᠠᠷ ᠭᠠᠳᠠᠭᠠᠳᠤ᠂ ᠠᠩᠬᠠᠳᠠᠭᠴᠢ ᠪᠠᠭᠰᠢ ᠶᠢᠨ ᠶᠡᠭᠡ ᠰᠤᠷᠭᠠᠭᠤᠯᠢ ᠵᠡᠷᠭᠡ ᠴᠢᠨᠠᠷ ᠰᠠᠶᠢᠲᠠᠢ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ 4 ᠰᠠᠭᠤᠷᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠰᠤᠷᠭᠠᠭᠤᠯᠢ ᠶᠢ ᠭᠤᠣᠯᠳᠠᠯᠭ᠎ᠠ ᠲᠠᠢ ᠪᠠᠶᠢᠭᠤᠯᠤᠨ᠎ᠠ ᠃ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠠᠮᠢ ᠠᠬᠤᠢ ᠶᠢᠨ ᠨᠣᠭᠤᠭᠠᠨ ᠬᠤᠩᠭᠢᠯ ᠤᠨ ᠳᠡᠰ ᠳᠡᠪᠰᠢᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠴᠡᠴᠡᠭᠯᠡᠭᠦᠯᠦᠨ ᠬᠥᠭᠵᠢᠭᠦᠯᠦᠨ᠎ᠡ᠃ ᠨᠢᠭᠡ ᠪᠦᠰᠡ ᠨᠢᠭᠡ ᠵᠠᠮ ᠤᠨ ᠣᠯᠠᠨ ᠤᠯᠤᠰ ᠤᠨ ᠱᠤᠭᠤᠮᠠᠯ ᠤᠨ ᠴᠡᠴᠡᠷᠯᠢᠭ ᠤᠨ ᠰᠣᠶᠣᠯ ᠤᠨ ᠲᠡᠩᠭᠡᠯᠢᠭ ᠤᠨ ᠪᠦᠰᠡ ᠶᠢ ᠡᠮᠦᠨᠡᠰᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃      ︽ᠰᠠᠶᠢᠬᠠᠨ ᠰᠢᠨ᠎ᠡ ᠲᠣᠭᠤᠷᠢᠭ︾᠂ ᠵᠠᠯᠠᠭᠤᠴᠤᠳ ᠤᠨ ᠨᠡᠶᠢᠭᠡᠮ ᠲᠣᠭᠤᠷᠢᠭ᠂ ᠴᠠᠭᠠᠨ ᠰᠤᠪᠤᠷᠭ᠎ᠠ ᠶᠢᠨ ᠵᠠᠯᠭᠠᠯᠳᠤᠭᠰᠠᠨ ᠲᠣᠭᠤᠷᠢᠭ ᠢ ᠪᠠᠶᠢᠭᠤᠯᠬᠤ ᠶᠢᠨ ᠲᠣᠭᠤᠷᠢᠨ ᠳᠤ᠂ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠳᠤ ᠬᠦᠴᠦ ᠨᠡᠮᠡᠷᠢᠯᠡᠵᠦ᠂ ᠨᠠᠩ ᠣᠯᠠᠨ ᠬᠥᠮᠥᠨ ᠠᠮᠠ ᠶᠢ ᠲᠠᠲᠠᠵᠤ ᠮᠠᠨ ᠤ ᠬᠤᠲᠠ ᠳᠤ ᠴᠤᠭᠯᠠᠷᠠᠭᠤᠯᠤᠨ᠎ᠠ᠃      ︽ᠰᠠᠶᠢᠬᠠᠨ ᠲᠣᠭᠤᠷᠢᠭ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠤᠨ ᠴᠣ᠋ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠵᠤ᠂ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠯᠢ ᠢᠦᠢ ᠵᠢᠶᠣᠣ ᠬᠡᠯᠡᠪᠡ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号