ᠰᠠᠶᠢᠬᠠᠨ ᠲᠣᠭᠤᠷᠢᠭ᠄ ᠵᠣᠷᠢᠭᠲᠠᠢ ᠪᠠᠷ ᠰᠢᠪᠲᠤᠯᠤᠯᠲᠠ ᠭᠠᠷᠭᠠᠵᠤ ᠵᠣᠷᠢᠭᠲᠠᠢ ᠪᠠᠷ ᠦᠢᠯᠡᠳᠦᠯᠭᠡᠵᠢᠭᠦᠯᠵᠦ ᠨᠠᠷᠠᠲᠤ ᠲᠡᠮᠳᠡᠭᠲᠦ ᠶᠢ ᠪᠣᠶ ᠪᠣᠯᠭᠠᠵᠤ ᠰᠢᠨ᠎ᠡ ᠵᠠᠮ ᠢ ᠡᠭᠦᠳᠦᠨ᠎ᠡ
ᠨᠡᠶᠢᠲᠡᠯᠡᠭᠰᠡᠨ ᠴᠠᠭ᠄
2024/1/30
ᠵᠣᠷᠢᠭᠲᠠᠢ ᠪᠠᠷ ᠰᠢᠪᠲᠤᠯᠤᠯᠲᠠ ᠭᠠᠷᠭᠠᠵᠤ ᠵᠣᠷᠢᠭᠲᠠᠢ ᠪᠠᠷ ᠦᠢᠯᠡᠳᠦᠯᠭᠡᠵᠢᠭᠦᠯᠵᠦ ᠨᠠᠷᠠᠲᠤ ᠲᠡᠮᠳᠡᠭᠲᠦ ᠶᠢ ᠪᠣᠶ ᠪᠣᠯᠭᠠᠵᠤ ᠰᠢᠨ᠎ᠡ ᠵᠠᠮ ᠢ ᠡᠭᠦᠳᠦᠨ᠎ᠡ ︱ ︱ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠰᠢᠶᠣᠣ ᠶᠠᠨ ᠢ ᠰᠤᠷᠪᠤᠯᠵᠢᠯᠠᠭᠰᠠᠨ ᠨᠢ            ︽ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠵᠤ᠂ ᠬᠠᠷᠠᠯᠲᠠ ᠡᠭᠦᠷᠭᠡ ᠶᠢ ᠨᠢᠭᠡᠨᠲᠡ ᠲᠣᠳᠣᠷᠬᠠᠶᠢᠯᠠᠪᠠ᠂ 2024 ᠣᠨ ᠳᠤ᠂ ᠰᠠᠶᠢᠬᠠᠨ ᠲᠣᠭᠤᠷᠢᠭ  ᠳᠣᠲᠣᠭᠠᠳᠤ ᠳᠠᠭᠠᠨ ᠲᠣᠭᠲᠠᠭᠤᠨ ᠪᠠᠶᠢᠯᠭᠠᠬᠤ᠂ ᠭᠠᠳᠠᠭᠠᠳᠤ ᠲᠠᠢ ᠥᠷᠢᠰᠦᠯᠳᠦᠨ ᠳᠠᠪᠠᠵᠤ ᠭᠠᠷᠬᠤ ᠬᠠᠷᠢᠭᠤᠴᠠᠯᠭ᠎ᠠ ᠶᠢ ᠡᠭᠦᠷᠭᠡᠯᠡᠵᠦ᠂ ᠵᠣᠷᠢᠭᠲᠠᠢ ᠪᠠᠷ ᠰᠢᠪᠲᠤᠯᠤᠯᠲᠠ ᠬᠢᠵᠦ᠂ ᠵᠣᠷᠢᠭᠲᠠᠢ ᠪᠠᠷ ᠦᠢᠯᠡᠳᠦᠯᠭᠡ ᠬᠢᠵᠦ᠂ ᠲᠦᠷᠦᠯ ᠲᠡᠮᠳᠡᠭ ᠢᠶᠠᠨ ᠭᠠᠷᠭᠠᠵᠤ᠂ ᠰᠢᠨ᠎ᠡ ᠵᠠᠮ ᠢ ᠨᠡᠭᠡᠭᠡᠬᠦ ᠪᠣᠯᠣᠨ᠎ᠠ︾ ᠭᠡᠵᠦ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠰᠢᠶᠣᠣ ᠶᠠᠨ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃
      ᠯᠢ ᠰᠢᠶᠣᠣ ᠶᠠᠨ᠂ ᠰᠠᠶᠢᠬᠠᠨ ᠲᠣᠭᠤᠷᠢᠭ 6 ᠲᠠᠯ᠎ᠠ ᠪᠠᠷ ᠬᠦᠴᠦᠯᠡᠨ᠎ᠡ᠂ ᠨᠢᠭᠡ ᠳᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠬᠡᠨ᠎ᠡ᠃ ᠪᠦᠬᠦ ᠵᠢᠯ ᠤᠨ ᠠᠵᠤ ᠠᠬᠤᠢ ᠶᠢᠨ ᠬᠠᠷᠠᠯᠲᠠ ᠪᠠᠨ ᠪᠡᠶᠡᠯᠡᠭᠦᠯᠬᠦ ᠶᠢᠨ  ᠵᠡᠷᠭᠡᠪᠡᠷ ᠣᠷᠣᠨ ᠳᠠᠪᠰᠢᠵᠤ ᠲᠡᠰ ᠳᠡᠪᠰᠢᠬᠦ ᠲᠠᠯ᠎ᠠ ᠪᠠᠷ ᠰᠢᠪᠲᠤᠯᠤᠯᠲᠠ ᠭᠠᠷᠭᠠᠨ᠎ᠠ᠃ ᠬᠤᠶᠠᠷ ᠲᠤ᠂ ᠠᠵᠤ ᠦᠢᠯᠡᠳᠪᠦᠷᠢ ᠶᠢᠨ ᠰᠠᠭᠤᠷᠢ ᠶᠢ ᠶᠡᠬᠡᠪᠡᠷ ᠬᠥᠭᠵᠢᠭᠦᠯᠵᠦ᠂ ᠨᠢᠭᠡ ᠲᠠᠯ᠎ᠠ ᠪᠠᠷ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠳᠤᠮᠳᠠ ᠲᠣᠭᠤᠷᠢᠭ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠡᠮᠵᠢᠶ᠎ᠡ ᠶᠢ ᠲᠣᠭᠲᠠᠭᠠᠨ ᠦᠢᠯᠡᠳᠪᠦᠷᠢᠯᠡᠬᠦ ᠶᠢ ᠪᠠᠲᠤᠯᠠᠵᠤ᠂ ᠰᠢᠨ ᠬᠤᠸᠠ ᠶᠢᠨ 1 ᠲᠦᠮᠡᠨ ᠲᠣᠨ ᠬᠠᠭᠠᠰ ᠳᠠᠮᠵᠢᠭᠤᠯᠤᠭᠴᠢ ᠶᠢᠨ ᠲᠡᠰ ᠤᠨ ᠤᠯᠠᠨ ᠲᠠᠯᠠᠰᠲᠤ ᠴᠠᠬᠢᠭᠤᠷ᠂ ᠳᠤᠮᠳᠠ ᠲᠣᠭᠤᠷᠢᠭ  ᠤᠨ 20GW ᠳᠠᠪᠬᠤᠷᠯᠠᠭᠰᠠᠨ ᠸᠠᠭᠠᠷ ᠤᠨ ᠲᠤᠨᠤᠭ ᠲᠥᠬᠦᠭᠡᠷᠦᠮᠵᠢ ᠵᠡᠷᠭᠡ ᠲᠦᠷᠦᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠨᠥᠭᠦᠭᠡ ᠲᠠᠯ᠎ᠠ ᠪᠠᠷ ︽ᠬᠤᠶᠠᠷ ᠲᠣᠭᠤᠷᠢᠭ ᠨᠢᠭᠡ ᠬᠦᠷᠢᠶᠡᠯᠡᠩ ︾ ᠤᠨ ᠲᠠᠰ ᠢ ᠳᠡᠭᠡᠭᠰᠢᠯᠡᠭᠦᠯᠵᠦ ᠴᠢᠳᠠᠪᠤᠷᠢ ᠶᠢ ᠣᠯᠭᠤᠬᠤ ᠳᠡᠭᠡᠷ᠎ᠡ ᠬᠦᠴᠦ ᠲᠠᠯᠪᠢᠨ᠎ᠠ᠃ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ᠂ ᠵᠢᠨᠴᠢᠶᠣᠣ ᠶᠢᠨ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠬᠦᠷᠢᠶᠡᠯᠡᠩ ᠤᠨ ︽ᠠᠵᠤ ᠦᠢᠯᠡᠰ + ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ ᠶᠢᠨ ᠬᠤᠣᠰ ᠴᠢᠭᠯᠡᠯ ᠢᠶᠠᠷ ᠠᠭᠤᠰᠤᠯᠴᠠᠬᠤ᠂ ᠠᠳᠠᠯᠢ ᠴᠢᠭᠯᠡᠯ ᠢᠶᠠᠷ ᠬᠦᠴᠦᠯᠡᠬᠦ ᠰᠢᠨ᠎ᠡ ᠪᠠᠶᠢᠷᠢᠰᠢᠯ ᠢ ᠪᠡᠶᠡᠯᠡᠭᠦᠯᠬᠦ ᠶᠢ ᠠᠬᠢᠭᠤᠯᠤᠨ᠎ᠠ᠃ ᠭᠤᠷᠪᠠ ᠳᠤ  ᠴᠢᠷᠮᠠᠶᠢᠵᠦ ᠬᠤᠳᠠ ᠶᠢᠨ ᠴᠢᠳᠠᠪᠤᠷᠢ ᠶᠢᠨ ᠲᠡᠰ ᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠣᠳᠣᠬᠢᠴᠢᠯᠠᠭᠰᠠᠨ ᠬᠤᠳᠠ ᠶᠢᠨ ᠲᠣᠭᠤᠷᠢᠭ ᠢ ᠪᠦᠲᠦᠭᠡᠨ ᠪᠠᠶᠢᠭᠤᠯᠤᠨ᠎ᠠ᠃ ᠵᠡᠭᠦᠨ ᠡᠮᠦᠨᠡᠲᠦ ᠬᠡᠰᠡᠭ ᠲᠤ ᠰᠠᠶᠢᠬᠠᠨ ᠰᠢᠨ᠎ᠡ ᠲᠣᠭᠤᠷᠢᠭ ᠢ ᠪᠠᠶᠢᠭᠤᠯᠵᠤ᠂ ᠥᠨᠳᠥᠷ ᠶᠠᠰᠤ ᠴᠢᠨᠠᠷ ᠲᠠᠢ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠪᠦᠰᠡ ᠶᠢᠨ ᠬᠡᠷᠡᠭᠯᠡᠭᠡᠨ ᠤ ᠠᠮᠢᠳᠤᠷᠠᠯ ᠤᠨ ᠲᠥᠪ ᠢ ᠢᠵᠢ ᠪᠦᠷᠢᠳᠦᠭᠦᠯᠬᠦ ᠪᠠᠷ ᠳᠠᠮᠵᠢᠭᠤᠯᠵᠤ᠂ ᠰᠢᠨ᠎ᠡ ᠲᠣᠭᠤᠷᠢᠭ ᠢ ᠬᠠᠮ ᠬᠡᠯᠪᠡᠷᠢ ᠶᠢᠨ᠂ ᠦᠢᠯᠡᠴᠢᠯᠡᠭᠡᠨ ᠤ ᠬᠡᠯᠪᠡᠷᠢ ᠶᠢᠨ ᠶᠡᠷᠦᠩᠬᠡᠶᠢᠯᠡᠭᠰᠡᠨ ᠬᠤᠳᠠ ᠶᠢᠨ ᠲᠣᠭᠤᠷᠢᠭ ᠪᠣᠯᠭᠠᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠤᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠬᠡᠲᠦ ᠲᠣᠮᠣ ᠬᠡᠯᠪᠡᠷᠢ ᠶᠢᠨ ︽ᠵᠠᠯᠠᠭᠤᠴᠤᠳ ᠤᠨ ᠨᠡᠶᠢᠭᠡᠮ ᠲᠣᠭᠤᠷᠢᠭ︾ ᠢ ᠪᠠᠶᠢᠭᠤᠯᠬᠤ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠥᠬᠡᠬᠤᠲᠠ ᠳᠤ ᠠᠮᠢᠳᠤᠷᠠᠵᠤ ᠪᠠᠶᠢᠭ᠎ᠠ ᠪᠠ ᠠᠵᠢᠯᠯᠠᠵᠤ ᠪᠠᠶᠢᠭ᠎ᠠ ᠵᠠᠯᠠᠭᠤᠴᠤᠳ ᠲᠤ ︽ᠢᠷᠡᠬᠦ ᠦᠶ᠎ᠡ ᠳᠤ ᠨᠢᠭᠡ ᠳᠠᠭᠠᠭᠠᠴᠢᠯᠠᠭᠤᠯᠵᠤ᠂ ᠨᠢᠭᠡ ᠭᠡᠷ ᠪᠦᠯᠢ ᠲᠠᠢ ᠪᠣᠯᠭᠠᠵᠤ᠂ ᠬᠠᠮᠲᠤ ᠪᠠᠷ ᠨᠢᠭᠡ ᠬᠤᠲᠠ ᠪᠠᠶᠢᠭᠤᠯᠬᠤ︾ ᠬᠠᠷᠠᠯᠲᠠ ᠶᠢ ᠪᠡᠶᠡᠯᠡᠭᠦᠯᠦᠨ᠎ᠡ᠃ ᠳᠥᠷᠪᠡ ᠳᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠤᠳᠤ ᠦᠶ᠎ᠡ ᠶᠢᠨ ᠲᠠᠷᠢᠶᠠᠯᠠᠩ ᠢ ᠨᠠᠷᠢᠯᠢᠭ ᠬᠢᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ ᠰᠡᠳᠬᠢᠮᠵᠢ ᠪᠠᠷ ᠲᠥᠷᠥᠯ ᠵᠦᠢᠯ ᠢ ᠪᠠᠶᠢᠷᠢᠰᠢᠭᠤᠯᠵᠤ᠂ ︽ᠳᠡᠭᠡᠳᠦ ᠲᠠᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ᠂ ᠴᠢᠨᠠᠷᠵᠢᠭᠤᠯᠤᠭᠰᠠᠨ︾ ᠬᠤᠲᠠ ᠶᠢᠨ ᠮᠠᠶ᠋ᠢᠭ ᠤᠨ ᠣᠲᠣ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ︽ᠲᠠᠷᠢᠶᠠᠯᠠᠩ +︾ ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠨ᠎ᠡ ᠵᠠᠭᠪᠤᠷ ᠢ ᠬᠦᠴᠦᠯᠡᠨ ᠪᠠᠶᠢᠭᠤᠯᠵᠤ᠂ ᠬᠥᠭᠵᠢᠯᠲᠡ ᠶᠢᠨ ᠬᠡᠯᠬᠢᠶ᠎ᠡ ᠶᠢ ᠤᠷᠲᠤᠳᠬᠠᠨ᠂ ᠣᠯᠠᠨ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠎ᠠ᠃ ᠲᠠᠪᠤ ᠳᠤ᠂ ᠬᠠᠶᠢᠷ᠎ᠠ ᠰᠡᠳᠬᠢᠯᠭᠡ ᠪᠠᠷ ᠢᠶᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠰᠤᠷᠭᠠᠨ ᠬᠥᠮᠦᠵᠢᠯ ᠡᠮᠴᠢᠯᠡᠭᠡ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ  ᠪᠠᠷ ᠳᠡᠭᠡᠭᠰᠢᠯᠡᠭᠦᠯᠵᠦ᠂ ᠪᠡᠭᠡᠵᠢᠩ ᠶᠡᠭᠡ ᠰᠤᠷᠭᠠᠭᠤᠯᠢ ᠶᠢᠨ ᠠᠯᠲᠠᠨ ᠨᠠᠮᠤᠷ᠂ ᠠᠩᠬᠠᠨ ᠤ ᠪᠠᠭᠰᠢ ᠶᠢᠨ ᠶᠡᠭᠡ ᠰᠤᠷᠭᠠᠭᠤᠯᠢ᠂ ᠪᠡᠭᠡᠵᠢᠩ ᠬᠤᠶᠠᠳᠤᠭᠠᠷ ᠭᠠᠳᠠᠭᠠᠳᠤ ᠬᠠᠮᠲᠤᠷᠠᠨ ᠰᠤᠷᠭᠠᠭᠤᠯᠢ ᠡᠷᠭᠢᠯᠡᠬᠦ ᠶᠢ ᠨᠠᠶᠢᠳᠠᠪᠤᠷᠢᠵᠢᠭᠤᠯᠵᠤ᠂ ᠵᠧᠩ ᠲᠠᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠵᠡᠷᠭᠡ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠸᠠᠨᠳᠠᠮᠤᠷ ᠬᠤᠲᠠ᠂ ᠳᠤᠮᠳᠠᠳᠤ ᠤᠯᠤᠰ ᠤᠨ ᠬᠤᠳᠠᠯᠳᠤᠭᠠᠨ ᠤ ᠳᠡᠯᠡᠬᠡᠢ ᠶᠢᠨ ᠭᠠᠵᠠᠷ᠂ ᠶᠡᠭᠡ ᠰᠤᠷᠭᠠᠭᠤᠯᠢ ᠶᠢᠨ ᠬᠤᠲᠠ ᠵᠡᠷᠭᠡ ᠭᠤᠣᠯᠳᠠᠯᠭ᠎ᠠ ᠲᠠᠢ ᠬᠤᠳᠠᠯᠳᠤᠭᠠᠨ ᠤ ᠲᠡᠮᠳᠡᠭ ᠤᠨ ᠲᠣᠭᠤᠷᠢᠨ ᠳᠤ ᠬᠤᠳᠠᠯᠳᠤᠭᠠᠨ ᠤ ᠲᠣᠭᠤᠷᠢᠭ ᠪᠠᠶᠢᠭᠤᠯᠵᠤ᠂ ᠪᠦᠷᠢᠨ ᠪᠠᠷᠠᠭᠠᠲᠤ ᠬᠤᠳᠠᠯᠳᠤᠭᠠᠨ ᠤ ᠬᠡᠲᠦ ᠳᠡᠯᠭᠡᠭᠦᠷ᠂ ᠬᠤᠪᠴᠠᠰᠤ ᠵᠠᠰᠠᠯ᠂ ᠢᠳᠡᠭᠡᠨ ᠤᠮᠳᠠᠭᠠᠨ᠂ ᠬᠡᠦᠬᠡᠳ ᠤᠨ ᠵᠤᠭ᠎ᠠ ᠴᠡᠩᠭᠡᠯ ᠵᠡᠷᠭᠡ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠭᠦᠨᠵᠡᠭᠡᠢ ᠠᠭᠤᠰᠤᠯᠴᠠᠯ ᠢ ᠪᠡᠶᠡᠯᠡᠭᠦᠯᠵᠦ᠂ ᠬᠤᠸᠠᠷ ᠫᠤᠤᠵᠢᠩ ᠤᠨ ᠠᠭᠤᠷ ᠠᠮᠢᠰᠬᠤᠯ ᠢ ᠳᠡᠭᠡᠭᠰᠢᠯᠡᠭᠦᠯᠦᠨ᠎ᠡ  ᠃ ᠵᠢᠷᠭᠤᠭ᠎ᠠ ᠳᠤ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠵᠤ᠂ ᠲᠠᠯᠳᠠ ᠬᠦᠴᠦᠨ ᠢ ᠭᠦᠢᠴᠡᠳ ᠠᠭᠤᠳᠠᠯᠵᠤ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠭᠠᠵᠠᠷ ᠰᠢᠷᠣᠢ᠂ ᠥᠩᠭᠡ ᠦᠵᠡᠮᠵᠢ᠂ ᠰᠤᠷᠭᠠᠨ ᠬᠥᠮᠦᠵᠢᠯ᠂ ᠴᠢᠳᠠᠪᠤᠷᠢᠲᠠᠨ ᠵᠡᠷᠭᠡ ᠡᠬᠢ ᠪᠠᠶᠠᠯᠢᠭ ᠢ ᠭᠦᠢᠴᠡᠳ ᠠᠭᠤᠳᠠᠯᠤᠨ ᠬᠡᠷᠡᠭᠯᠡᠵᠦ᠂ ᠡᠯ᠎ᠡ ᠵᠦᠢᠯ ᠤᠨ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃            ︽ᠰᠢᠨ᠎ᠡ ᠨᠢᠭᠡ ᠵᠢᠯ ᠳᠤ᠂ ᠰᠠᠶᠢᠬᠠᠨ ᠲᠣᠭᠤᠷᠢᠭ ᠤᠨ ᠬᠢᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂  ᠴᠢᠷᠮᠠᠶᠢᠨ ᠠᠵᠢᠯᠯᠠᠬᠤ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠪᠡᠨ‌‍ᠰᠠᠶᠢᠲᠤᠷ ᠪᠡᠶᠡᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ︾ ᠭᠡᠵᠦ ᠯᠢ ᠰᠢᠶᠣᠣ ᠶᠠᠨ ᠬᠡᠯᠡᠪᠡ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ  ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号