ᠤᠷᠭᠢᠯ ᠤᠨ ᠪᠢᠴᠢᠯ ᠺᠢᠨᠣ᠋ ᠠᠽᠢᠶ᠎ᠠ ᠶᠢᠨ ᠱᠠᠩ ᠳᠤᠰᠤᠯ᠎ᠠ
ᠨᠡᠶᠢᠲᠡᠯᠡᠭᠰᠡᠨ ᠴᠠᠭ᠄
2024/1/30
     ᠠᠷᠪᠠᠳᠤᠭᠠᠷ ᠬᠤᠭᠤᠴᠠᠭᠠᠨ ᠤ ᠠᠽᠢᠶ᠎ᠠ ᠲᠢᠪ ᠤᠨ ᠪᠢᠴᠢᠯ ᠺᠢᠨᠣ᠋ ᠶᠢᠨ ᠤᠷᠠᠯᠢᠭ ᠤᠨ ᠨᠠᠶᠢᠷ ᠣᠷᠴᠢᠮᠬᠠᠨ ᠶᠦᠨᠨᠠᠨ ᠮᠤᠵᠢ ᠶᠢᠨ ᠯᠢᠨᠼᠠᠩ ᠬᠤᠲᠠ ᠳᠤ ᠶᠠᠪᠤᠭᠳᠠᠵᠤ᠂ ᠠᠷᠤ ᠬᠤᠷᠴᠢᠨ ᠨᠤᠲᠤᠭᠲᠠᠢ ᠵᠠᠯᠠᠭᠤ ᠤᠳᠤᠷᠢᠳᠤᠭᠠᠴᠢ ᠤᠷᠭᠢᠯ ᠤᠨ ︽ᠣᠲᠣᠷ ᠤᠨ ᠴᠠᠭᠳᠠᠭ᠎ᠠ︾ ᠭᠡᠬᠦ ᠪᠢᠴᠢᠯ ᠺᠢᠨᠣ᠋ ᠨᠢ ᠲᠤᠰ ᠬᠤᠭᠤᠴᠠᠭᠠᠨ ᠤ ᠠᠽᠢᠶ᠎ᠠ ᠲᠢᠪ ᠤᠨ ᠪᠢᠴᠢᠯ ᠺᠢᠨᠣ᠋ ᠶᠢᠨ ᠤᠷᠠᠯᠢᠭ ᠤᠨ ᠨᠠᠶᠢᠷ ᠤᠨ ᠵᠦᠴᠦᠭᠡ ᠶᠢᠨ ᠦᠢᠯᠡ ᠶᠠᠪᠤᠳᠠᠯ ᠤᠨ ᠨᠢᠭᠡᠴᠢ ᠶᠢᠨ ︽ᠰᠠᠶᠢᠨ ᠪᠦᠲᠦᠭᠡᠯ︾ ᠤᠨ ᠱᠠᠩᠨᠠᠯ ᠢ ᠭᠦᠷᠳᠡᠪᠡ᠃
     ᠣᠶᠢᠯᠠᠭᠠᠭᠰᠠᠨ ᠢᠶᠠᠷ᠂ ᠲᠤᠰ ᠤᠳᠠᠭᠠᠨ ᠤ ᠺᠢᠨᠣ᠋ ᠶᠢᠨ ᠤᠷᠠᠯᠢᠭ ᠤᠨ ᠨᠠᠶᠢᠷ ᠨᠢ ᠠᠽᠢᠶ᠎ᠠ ᠲᠢᠪ ᠤᠨ ᠡᠯ᠎ᠡ ᠤᠯᠤᠰ ᠤᠨ 100 ᠭᠠᠷᠤᠢ ᠨᠢᠭᠡᠴᠢ ᠪᠣᠯᠣᠨ ᠬᠤᠪᠢ ᠬᠥᠮᠥᠨ ᠤ ᠮᠡᠳᠡᠭᠦᠯᠦᠭᠰᠡᠨ 2874 ᠪᠦᠲᠦᠭᠡᠯ ᠢ ᠭᠥᠯᠢᠶᠡᠨ ᠠᠪᠴᠤ ᠰᠢᠯᠭᠠᠷᠠᠭᠤᠯᠵᠠᠢ᠃ ᠡᠭᠦᠨ ᠳᠤ᠂ ᠠᠷᠤ ᠬᠤᠷᠴᠢᠨ ᠨᠤᠲᠤᠭᠲᠠᠢ ᠵᠠᠯᠠᠭᠤ ᠤᠳᠤᠷᠢᠳᠤᠭᠠᠴᠢ ᠤᠷᠭᠢᠯ ᠤᠳᠤᠷᠢᠳᠤᠭᠠᠴᠢᠯᠠᠵᠤ᠂ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠦᠢᠯᠡᠳᠦᠭᠰᠡᠨ ︽ᠣᠲᠣᠷ ᠤᠨ ᠴᠠᠭᠳᠠᠭ᠎ᠠ︾ ᠭᠡᠬᠦ ᠪᠢᠴᠢᠯ ᠺᠢᠨᠣ᠋ ᠨᠢ 2000 ᠭᠠᠷᠤᠢ ᠪᠦᠲᠦᠭᠡᠯ ᠤᠨ ᠳᠤᠮᠳᠠ ᠠᠴᠠ ᠴᠣᠯᠭᠤᠷᠠᠨ ᠭᠠᠷᠴᠤ᠂ ᠠᠷᠪᠠᠳᠤᠭᠠᠷ ᠬᠤᠭᠤᠴᠠᠭᠠᠨ ᠤ ᠠᠽᠢᠶ᠎ᠠ ᠲᠢᠪ ᠤᠨ ᠪᠢᠴᠢᠯ ᠺᠢᠨᠣ᠋ ᠶᠢᠨ ᠤᠷᠠᠯᠢᠭ ᠤᠨ ᠨᠠᠶᠢᠷ ᠤᠨ ᠵᠦᠴᠦᠭᠡ ᠶᠢᠨ ᠦᠢᠯᠡ ᠶᠠᠪᠤᠳᠠᠯ ᠤᠨ ᠨᠢᠭᠡᠴᠢ ᠶᠢᠨ ︽ᠰᠠᠶᠢᠨ ᠪᠦᠲᠦᠭᠡᠯ︾ ᠢᠶᠠᠷ ᠦᠨᠡᠯᠡᠭᠳᠡᠪᠡ᠃      ᠤᠷᠭᠢᠯ ᠠᠷᠤ ᠬᠤᠷᠴᠢᠨ ᠬᠤᠰᠢᠭᠤᠨ ᠤ ᠬᠤᠨᠳᠣ ᠪᠠᠯᠭᠠᠰᠤ ᠶᠢᠨ ᠱᠠᠩᠰᠢᠨᠪᠤᠯᠤᠩ ᠭᠠᠴᠠᠭ᠎ᠠ ᠪᠠᠷ ᠨᠤᠲᠤᠭᠲᠠᠢ᠃ ᠥᠪᠥᠷ ᠮᠣᠩᠭᠤᠯ ᠤᠨ ᠲᠧᠯᠸᠢᠰ ᠤᠨ ᠤᠷᠠᠯᠢᠭᠴᠢᠳ ᠤᠨ ᠨᠡᠶᠢᠭᠡᠮᠯᠢᠭ ᠤᠨ ᠭᠡᠰᠢᠭᠦᠨ᠂ ᠤᠯᠠᠭᠠᠨᠬᠠᠳᠠ  ᠶᠢᠨ ᠷᠠᠳᠢᠣ᠋ ᠲᠧᠯᠸᠢᠰ ᠬᠤᠷᠢᠶ᠎ᠠ ᠶᠢᠨ ᠪᠢᠴᠢᠯ ᠺᠢᠨᠣ᠋ ᠰᠡᠭᠦᠳᠡᠷᠯᠡᠨ ᠦᠢᠯᠡᠳᠬᠦ ᠲᠥᠪ ᠤᠨ ᠺᠢᠨᠣ᠋ ᠤᠳᠤᠷᠢᠳᠤᠭᠠᠴᠢ᠂ ᠥᠪᠥᠷ ᠮᠣᠩᠭᠤᠯ ᠤᠨ ︽ᠨᠤᠲᠤᠭ ᠰᠢᠷᠣᠢ︾ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠤᠮᠫᠠᠨᠢ ᠶᠢᠨ ᠡᠭᠦᠰᠬᠡᠨ ᠪᠠᠶᠢᠭᠤᠯᠤᠭᠴᠢ ᠶᠢᠨ ᠨᠢᠭᠡ᠂ ᠤᠯᠠᠭᠠᠨᠬᠠᠳᠠ ᠶᠢᠨ ᠪᠢᠴᠢᠯ ᠺᠢᠨᠣ᠋ ᠶᠢᠨ ᠬᠤᠯᠪᠤᠭ᠎ᠠ ᠶᠢᠨ ᠨᠠᠷᠢᠨ ᠪᠢᠴᠢᠭ ᠤᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠤᠢ᠃ ᠲᠡᠷᠡ ᠪᠠᠷ ︽ᠮᠡᠷᠭᠡᠳ ᠤᠨ ᠨᠢᠭᠤᠴᠠ︾᠂ ︽ᠥᠪᠯᠡᠯ︾᠂ ︽ᠤᠶᠠᠷᠠᠯ︾᠂ ︽ᠲᠡᠷᠡ ᠨᠢᠭᠡ ᠦᠬᠡᠷ︾᠂ ︽ᠣᠲᠣᠷ ᠤᠨ ᠴᠠᠭᠳᠠᠭ᠎ᠠ︾᠂ ︽ᠭᠡᠭᠡᠨ ᠦᠢᠯᠡᠰ︾ ᠵᠡᠷᠭᠡ 50 ᠭᠠᠷᠤᠢ ᠪᠢᠴᠢᠯ ᠺᠢᠨᠣ᠋ ᠶᠢᠨ ᠪᠦᠲᠦᠭᠡᠯ ᠲᠠᠢ᠃ ᠡᠭᠦᠨ ᠳᠤ᠂ ︽ᠲᠡᠷᠡ ᠨᠢᠭᠡ ᠦᠬᠡᠷ︾ ᠨᠢ ᠳᠤᠮᠳᠠᠳᠤ ᠤᠯᠤᠰ ᠤᠨ ᠬᠠᠤᠯᠢ ᠴᠠᠭᠠᠵᠠ ᠶᠢᠨ ᠶᠠᠮᠤᠨ ᠤ ᠬᠠᠮᠤᠭ ᠤᠨ ᠰᠣᠳᠣᠨ ᠠᠷᠪᠠᠨ ᠺᠢᠨᠣ᠋ ᠶᠢᠨ ᠱᠠᠩᠨᠠᠯ᠂ ︽ᠮᠡᠷᠭᠡᠳ ᠤᠨ  ᠨᠢᠭᠤᠴᠠ︾ ᠨᠢ ᠳᠤᠮᠳᠠᠳᠤ ᠤᠯᠤᠰ ᠤᠨ ᠤᠮᠠᠷᠠᠲᠤ ᠬᠢᠯᠢ - ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠪᠢᠴᠢᠯ ᠺᠢᠨᠣ᠋ ᠶᠢᠨ ᠤᠷᠤᠯᠳᠤᠭᠠᠨ ᠤ ᠰᠢᠯᠢᠳᠡᠭ ᠺᠢᠨᠣ᠋ ᠶᠢᠨ ᠱᠠᠩᠨᠠᠯ᠂ ︽ᠥᠪᠯᠡᠯ︾ ᠨᠢ ᠵᠢᠷᠭᠤᠳᠤᠭᠠᠷ ᠬᠤᠭᠤᠴᠠᠭᠠᠨ ᠤ ᠠᠽᠢᠶ᠎ᠠ ᠲᠢᠪ  ᠤᠨ ᠪᠢᠴᠢᠯ ᠺᠢᠨᠣ᠋ ᠶᠢᠨ ᠤᠷᠠᠯᠢᠭ ᠤᠨ ᠨᠠᠶᠢᠷ ᠤᠨ ᠰᠢᠯᠢᠳᠡᠭ ᠺᠢᠨᠣ᠋ ᠶᠢᠨ ᠱᠠᠩᠨᠠᠯ᠂ ︽ᠨᠠᠷᠢᠮᠤ ᠶᠢᠨ ᠨᠤᠲᠤᠭ ᠤᠨ ᠬᠠᠶᠢᠷ᠎ᠠ︾ ᠨᠢ ᠳᠣᠯᠣᠳᠤᠭᠠᠷ ᠬᠤᠭᠤᠴᠠᠭᠠᠨ ᠤ ᠠᠽᠢᠶ᠎ᠠ ᠲᠢᠪ ᠤᠨ ᠪᠢᠴᠢᠯ ᠺᠢᠨᠣ᠋ ᠶᠢᠨ ᠤᠷᠠᠯᠢᠭ ᠤᠨ ᠨᠠᠶᠢᠷ ᠤᠨ ᠰᠢᠯᠢᠳᠡᠭ ᠺᠢᠨᠣ᠋ ᠶᠢᠨ ᠱᠠᠩᠨᠠᠯ᠂ ︽ᠤᠶᠠᠷᠠᠯ︾᠂ ︽ᠭᠡᠭᠡᠨ ᠦᠢᠯᠡᠰ︾ ᠨᠢ ᠨᠠᠢᠮᠠᠳᠤᠭᠠᠷ ᠬᠤᠭᠤᠴᠠᠭᠠᠨ ᠤ ᠠᠽᠢᠶ᠎ᠠ ᠲᠢᠪ  ᠤᠨ ᠪᠢᠴᠢᠯ ᠺᠢᠨᠣ᠋ ᠶᠢᠨ ᠤᠷᠠᠯᠢᠭ ᠤᠨ ᠨᠠᠶᠢᠷ ᠤᠨ ᠰᠢᠯᠢᠳᠡᠭ ᠺᠢᠨᠣ᠋ ᠶᠢᠨ ᠱᠠᠩᠨᠠᠯ ᠢ ᠳᠤᠰ ᠳᠤᠰ ᠬᠦᠷᠲᠡᠵᠦ ᠥᠩᠭᠡᠷᠡᠪᠡ᠃
ᠬᠤᠶᠠᠷ ᠬᠡᠮᠵᠢᠯᠲᠦ ᠺᠣᠳ᠋ ᠢ ᠰᠢᠷᠪᠢᠵᠦ ᠨᠠᠷᠢᠨ ᠠᠭᠤᠯᠭ᠎ᠠ ᠶᠢ ᠦᠵᠡᠭᠡᠷᠡᠢ︕
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号