◆ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠠᠩᠭᠢ 3 ᠪᠠᠶᠢᠭᠰᠠᠨ ᠠᠴᠠ 9 ᠪᠣᠯᠵᠠᠢ | ◆ ᠲᠤᠰᠬᠠᠢ ᠮᠡᠷᠭᠡᠵᠢᠯ ᠤᠨ ᠲᠠᠮᠢᠷᠴᠢᠨ 50 ᠬᠦᠷᠬᠦ ᠦᠭᠡᠢ ᠪᠠᠶᠢᠭᠰᠠᠨ ᠠᠴᠠ ᠨᠡᠮᠡᠭᠳᠡᠭᠡᠳ 130 ᠰᠢᠬᠠᠮ ᠪᠣᠯᠵᠠᠢ | ◆ ᠤᠯᠤᠰ ᠤᠨ ᠠᠩᠭᠢ ᠳᠤ ᠡᠯ᠎ᠡ ᠲᠥᠷᠥᠯ ᠤᠨ ᠮᠥᠰᠥ ᠴᠠᠰᠤᠨ ᠤ ᠴᠢᠳᠠᠪᠤᠷᠢᠲᠠᠨ ᠢ 50 ᠰᠢᠬᠠᠮ ᠬᠦᠷᠭᠡᠵᠡᠢ | ◆ ᠤᠷᠤᠯᠳᠤᠭᠠᠨ ᠤ ᠬᠢᠷᠢ ᠪᠦᠲᠦᠮᠵᠢ ᠲᠡᠦᠬᠡ ᠶᠢᠨ ᠰᠢᠪᠲᠤᠯᠤᠯᠲᠠ ᠶᠢ ᠪᠡᠶᠡᠯᠡᠭᠦᠯᠪᠡ | | | | | | ᠣᠶᠢᠷ᠎ᠠ ᠶᠢᠨ ᠡᠳᠦᠷ ᠤᠳ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠤᠷᠤᠯᠳᠤᠭᠠᠨ ᠵᠠᠯᠭᠠᠭ᠎ᠠ ᠪᠠᠷ ᠢᠳᠡ ᠭᠦᠭ ᠲᠠᠢ | ᠶᠠᠪᠤᠭᠳᠠᠵᠤ᠂ ᠲᠠᠮᠢᠷᠴᠢᠳ ᠤᠷᠤᠯᠳᠤᠭᠠᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠡᠷᠴᠢ ᠬᠦᠴᠦᠨ ᠤᠷ᠎ᠠ ᠴᠢᠳᠠᠪᠤᠷᠢ | ᠤᠶᠤᠨ ᠤᠬᠠᠭᠠᠨ ᠤ ᠰᠢᠨ᠎ᠡ ᠠᠮᠵᠢᠯᠲᠠ ᠶᠢ ᠪᠢᠴᠢᠭᠯᠡᠨ᠎ᠡ᠃ ᠬᠥᠯᠥᠰᠦ ᠠᠰᠬᠠᠷᠠᠭᠤᠯᠤᠨ ᠰᠢᠨᠳᠠᠰᠤ ᠰᠣᠷᠢᠭᠰᠠᠨ | ᠤᠷᠤᠯᠳᠤᠭᠠᠨ ᠤ ᠠᠬᠤᠢ ᠲᠠᠯᠠᠪᠠᠶ ᠶᠢᠨ ᠵᠣᠬᠢᠶᠠᠨ ᠪᠠᠶᠢᠭᠤᠯᠤᠯᠲᠠ ᠵᠢᠴᠢ ᠤᠷᠤᠯᠳᠤᠭᠠᠨ ᠤ ᠡᠯ᠎ᠡ ᠵᠦᠢᠯ ᠤᠨ | ᠪᠠᠲᠤᠯᠠᠭ᠎ᠠ ᠶᠢᠨ ᠠᠵᠢᠯ ᠢ ᠢᠯᠭᠤᠮ ᠡᠷᠴᠢᠮᠲᠡᠢ ᠶᠠᠪᠤᠭᠳᠠᠭᠤᠯᠵᠤ ᠪᠠᠶᠢᠬᠤ ᠨᠢ ᠮᠠᠨ ᠤ ᠣᠷᠣᠨ ᠤ ᠮᠥᠰᠥ ᠴᠠᠰᠤᠨ ᠤ | ᠬᠥᠳᠡᠯᠭᠡᠭᠡᠨ ᠤ ᠬᠢᠵᠠᠭᠠᠯᠠᠰᠢ ᠦᠭᠡᠢ ᠪᠣᠯᠣᠮᠵᠢ ᠪᠣᠯᠣᠯᠴᠠᠭ᠎ᠠ ᠪᠠ ᠰᠠᠶᠢᠨ ᠰᠠᠶᠢᠬᠠᠨ ᠠᠯᠤᠰ ᠢᠷᠡᠭᠡᠳᠦᠢ ᠶᠢ | ᠢᠯᠡᠷᠡᠭᠦᠯᠦᠨ᠎ᠡ᠃ | | | | | | ᠰᠢᠯᠢᠳᠡᠭ ᠲᠠᠮᠢᠷᠴᠢᠨ ᠣᠯᠠᠰᠢᠷᠠᠪᠠ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠵᠢᠯᠲᠠ ᠲᠠᠢ | ᠶᠠᠪᠤᠭᠳᠠᠭᠰᠠᠨ ᠪᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠢ ᠳᠠᠭᠠᠭᠠᠴᠢᠯᠠᠨ ᠡᠷᠭᠢᠯᠡᠭᠦ ᠠᠵᠠ ᠳᠤᠭᠢᠶᠠᠯ ᠢ ᠠᠮᠵᠢᠨ᠂ ᠮᠠᠨ ᠤ ᠣᠷᠣᠨ ᠤ ᠮᠥᠰᠥ ᠴᠠᠰᠤᠨ ᠤ | ᠬᠥᠳᠡᠯᠭᠡᠭᠡᠨ ᠤᠷᠤᠯᠳᠤᠭᠠᠨ ᠤ ᠪᠡᠶ᠎ᠡ ᠶᠢᠨ ᠲᠠᠮᠢᠷ ᠪᠣᠯᠣᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠬᠦᠷᠢᠶ᠎ᠡ | ᠴᠠᠷᠠᠭᠠᠨ ᠳᠤ ᠪᠦᠭᠦ ᠲᠠᠯ᠎ᠠ ᠪᠠᠷ ᠬᠥᠭᠵᠢᠪᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ | ᠡᠪᠦᠯ ᠤᠨ ᠤᠯᠠᠷᠢᠯ ᠤᠨ ᠲᠥᠷᠥᠯ ᠵᠦᠢᠯ ᠤᠨ ᠬᠥᠭᠵᠢᠯᠲᠡ ᠶᠢᠨ ᠵᠠᠭᠪᠤᠷ ᠢ ᠪᠦᠭᠦ ᠲᠠᠯ᠎ᠠ ᠪᠠᠷ ᠰᠢᠯᠢᠳᠡᠭᠵᠢᠭᠦᠯᠦᠨ | ᠥᠭᠡᠷᠡᠴᠢᠯᠡᠵᠦ᠂ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠠᠩᠭᠢ 2016 ᠣᠨ ᠠᠴᠠ | ᠡᠮᠦᠨ᠎ᠡ 3 ᠪᠠᠶᠢᠭᠰᠠᠨ ᠠᠴᠠ ᠬᠥᠭᠵᠢᠭᠡᠳ 9 ᠪᠣᠯᠵᠤ᠂ ᠲᠤᠰᠬᠠᠢ ᠮᠡᠷᠭᠡᠵᠢᠯ ᠤᠨ ᠲᠠᠮᠢᠷᠴᠢᠨ 50 ᠬᠦᠷᠬᠦ ᠦᠭᠡᠢ | ᠪᠠᠶᠢᠭᠰᠠᠨ ᠠᠴᠠ ᠨᠡᠮᠡᠭᠳᠡᠭᠡᠳ 130 ᠰᠢᠬᠠᠮ ᠪᠣᠯᠵᠤ᠂ ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ | ᠰᠤᠷᠭᠠᠭᠤᠯᠢ ᠶᠢᠨ ᠬᠤᠶᠠᠳᠤᠭᠠᠷ ᠹᠷᠣᠨᠲ ᠤᠨ ᠲᠠᠮᠢᠷᠴᠢᠨ 300 ᠰᠢᠬᠠᠮ ᠪᠣᠯᠪᠠ᠃ | ᠣᠶᠢᠷ᠎ᠠ ᠶᠢᠨ ᠵᠢᠯ ᠳᠤ ᠮᠠᠨ ᠤ ᠣᠷᠣᠨ ᠳᠤ ᠮᠥᠰᠥ ᠴᠠᠰᠤᠨ ᠤ ᠬᠥᠳᠡᠯᠭᠡᠭᠡᠨ ᠤ ᠴᠢᠳᠠᠪᠤᠷᠢᠲᠠᠨ | ᠵᠠᠯᠭᠠᠭ᠎ᠠ ᠪᠠᠷ ᠴᠣᠯᠭᠤᠷᠠᠨ ᠭᠠᠷᠴᠤ᠂ ᠤᠯᠤᠰ ᠤᠨ ᠠᠩᠭᠢ ᠳᠤ ᠡᠯ᠎ᠡ ᠲᠥᠷᠥᠯ ᠤᠨ ᠮᠥᠰᠥ ᠴᠠᠰᠤᠨ ᠤ | ᠴᠢᠳᠠᠪᠤᠷᠢᠲᠠᠨ ᠢ 50 ᠰᠢᠬᠠᠮ ᠬᠦᠷᠭᠡᠵᠡᠢ᠃ ᠡᠭᠦᠨ ᠳᠤ ᠨᠢᠭᠡᠳᠦᠭᠡᠷ ᠹᠷᠣᠨᠲ ᠤᠨ ᠲᠠᠮᠢᠷᠴᠢᠨ 10 ᠰᠢᠬᠠᠮ ᠪᠤᠶ᠃ | ᠡᠭᠦᠨ ᠤ ᠬᠠᠮᠲᠤ᠂ ᠮᠥᠰᠥ ᠴᠠᠰᠤᠨ ᠤ ᠴᠢᠳᠠᠪᠤᠷᠢᠲᠠᠨ ᠢ ᠬᠥᠮᠥᠵᠢᠭᠦᠯᠬᠦ ᠠᠵᠢᠯ ᠴᠤ ᠡᠮᠬᠢ ᠵᠢᠷᠤᠮ ᠲᠠᠢ ᠠᠬᠢᠪᠠ᠃ | ᠥᠪᠥᠷ ᠮᠣᠩᠭᠤᠯ ᠤᠨ ᠡᠪᠦᠯ ᠤᠨ ᠤᠯᠠᠷᠢᠯ ᠤᠨ ᠲᠦᠷᠦᠯ ᠵᠦᠢᠯ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ᠂ | ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠲᠦᠰᠢᠭᠯᠡᠨ ︽ᠥᠪᠥᠷ | ᠮᠣᠩᠭᠤᠯ ᠤᠨ ᠮᠥᠰᠥ ᠴᠠᠰᠤᠨ ᠤ ᠬᠥᠳᠡᠯᠭᠡᠭᠡᠨ ᠤ ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠰᠠᠭᠤᠷᠢᠨ︾ ᠢ | ᠪᠠᠶᠢᠭᠤᠯᠵᠤ᠂ ᠰᠢᠯᠢᠳᠡᠭ ᠵᠠᠯᠠᠭᠤᠴᠤᠳ ᠪᠠᠭᠠᠴᠤᠳ ᠢ ᠬᠥᠮᠥᠵᠢᠭᠦᠯᠵᠦ᠂ ᠪᠦᠭᠦ ᠤᠯᠤᠰ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠰᠢᠯᠢᠳᠡᠭ ᠪᠡᠯᠡᠳᠬᠡᠯ | ᠴᠢᠳᠠᠪᠤᠷᠢᠲᠠᠨ ᠢ ᠬᠥᠮᠥᠵᠢᠭᠦᠯᠬᠦ ᠪᠠᠷ ᠴᠢᠷᠮᠠᠶᠢᠪᠠ᠃ | | | | | | ᠰᠢᠨ᠎ᠡ ᠲᠡᠮᠳᠡᠭᠯᠡᠯ ᠢ ᠡᠭᠦᠳᠪᠡ | 2016 ᠣᠨ ᠳᠤ᠂ ᠮᠠᠨ ᠤ ᠣᠷᠣᠨ ᠤ ᠲᠠᠮᠢᠷᠴᠢᠨ ᠬᠠᠨ ᠮᠧᠶ ᠠᠷᠪᠠᠨ ᠭᠤᠷᠪᠠᠳᠤᠭᠠᠷ ᠬᠤᠭᠤᠴᠠᠭᠠᠨ ᠤ | ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠦᠷᠭᠡᠨ ᠲᠡᠰᠢᠯᠲᠡ ᠶᠢᠨ ᠵᠠᠯᠠᠭᠤᠴᠤᠳ ᠤᠨ | ᠳᠤᠭᠤᠶᠢᠯᠠᠩ ᠤᠨ ᠡᠮᠡᠭᠲᠡᠢ ᠶᠢᠨ 1500 ᠮᠧᠲᠷ ᠤᠨ ᠰᠢᠢᠳᠪᠦᠷᠢᠲᠦ ᠤᠷᠤᠯᠳᠤᠭᠠᠨ ᠳᠤ ᠮᠠᠩᠯᠠᠶᠢᠯᠠᠭᠰᠠᠨ ᠪᠥᠭᠡᠳ | 1 ᠮᠢᠨᠦ᠋ᠲ 59 ᠰᠧᠺᠦ᠋ᠨ᠋ᠳ᠋ 04 ᠶᠢᠨ ᠬᠢᠷᠢ ᠪᠦᠲᠦᠮᠵᠢ ᠪᠠᠷ 16 ᠵᠢᠯ ᠰᠢᠬᠠᠮ ᠦᠷᠭᠦᠯᠵᠢᠯᠡᠭᠰᠡᠨ ᠪᠦᠭᠦ | ᠤᠯᠤᠰ ᠤᠨ ᠲᠡᠮᠳᠡᠭᠯᠡᠯ ᠢ ᠰᠢᠨᠡᠳᠬᠡᠪᠡ᠃ 2018 ᠣᠨ ᠤ 2 ᠰᠠᠷ᠎ᠠ ᠳᠤ᠂ ᠬᠠᠨ ᠮᠧᠶ ᠠᠩᠭᠢ ᠶᠢᠨ ᠨᠥᠬᠦᠳ ᠲᠠᠢ | ᠪᠠᠨ ᠬᠠᠮᠲᠤ 2018 ᠣᠨ ᠤ ᠫᠢᠶᠧᠩᠼᠠᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ | ᠲᠦᠷᠭᠡᠨ ᠲᠡᠰᠢᠯᠲᠡ ᠶᠢᠨ ᠡᠮᠡᠭᠲᠡᠢ ᠶᠢᠨ ᠪᠦᠯᠭᠦᠮ ᠤᠨ ᠬᠥᠭᠡᠭᠡᠴᠡᠯᠳᠦᠬᠦ ᠲᠦᠷᠦᠯ ᠵᠦᠢᠯ ᠤᠨ ᠲᠠᠪᠤᠳᠤᠭᠠᠷ ᠲᠤ | ᠣᠷᠣᠪᠠ᠂ ᠡᠨᠡ ᠨᠢ ᠮᠥᠨ ᠴᠦ ᠮᠠᠨ ᠤ ᠤᠯᠤᠰ ᠤᠨ ᠡᠮᠡᠭᠲᠡᠢ ᠶᠢᠨ ᠲᠦᠷᠭᠡᠨ ᠲᠡᠰᠢᠯᠲᠡ ᠶᠢᠨ ᠲᠣᠰ ᠲᠥᠷᠥᠯ | ᠵᠦᠢᠯ ᠳᠤ ᠣᠯᠣᠭᠰᠠᠨ ᠲᠡᠦᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠪᠣᠯᠣᠨ᠎ᠠ᠃ ᠲᠦᠷᠦᠭᠦᠬᠡᠨ ᠶᠠᠪᠤᠭᠳᠠᠭᠰᠠᠨ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ | ᠲᠦᠷᠭᠡᠨ ᠲᠡᠰᠢᠯᠲᠡ ᠶᠢᠨ ᠢᠯᠡ ᠤᠷᠤᠯᠳᠤᠭᠠᠨ ᠤ ᠳᠤᠭᠤᠶᠢᠯᠠᠩ ᠤᠨ ᠤᠷᠤᠯᠳᠤᠭᠠᠨ ᠳᠤ᠂ ᠬᠠᠨ ᠮᠧᠶ ᠡᠮᠡᠭᠲᠡᠢ ᠶᠢᠨ | 3000 ᠮᠧᠲᠷ ᠤᠨ ᠠᠯᠲᠠᠨ ᠮᠧᠳᠠᠯ ᠢ ᠰᠢᠭᠦᠷᠴᠡᠢ᠃ ᠡᠨᠡ ᠪᠣᠯ ᠮᠠᠨ ᠤ ᠣᠷᠣᠨ ᠤ ᠲᠥᠯᠥᠭᠡᠯᠡᠭᠴᠢᠳ ᠤᠨ | ᠪᠦᠯᠭᠦᠮ ᠤᠨ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠣᠯᠣᠭᠰᠠᠨ | ᠵᠢᠷᠭᠤᠳᠤᠭᠠᠷ ᠠᠯᠲᠠᠨ ᠮᠧᠳᠠᠯ ᠪᠣᠯᠣᠨ᠎ᠠ᠃ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠮᠵᠢᠯᠲᠠ ᠲᠠᠢ | ᠶᠠᠪᠤᠭᠳᠠᠭᠰᠠᠨ ᠪᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠢ ᠳᠠᠭᠠᠭᠠᠴᠢᠯᠠᠨ ᠡᠷᠭᠢᠯᠡᠭᠦ ᠠᠬᠤᠢ ᠪᠠᠶᠢᠳᠠᠯ ᠳᠣᠣᠷ᠎ᠠ᠂ ᠮᠠᠨ ᠤ ᠣᠷᠣᠨ ᠤ ᠮᠥᠰᠥ ᠴᠠᠰᠤᠨ ᠤ | ᠬᠥᠳᠡᠯᠭᠡᠭᠡᠨ ᠲᠦᠷᠭᠡᠨ ᠬᠥᠭᠵᠢᠵᠦ᠂ ᠣᠷᠣᠯᠴᠠᠬᠰᠠᠨ ᠬᠥᠮᠥᠨ ᠤ ᠲᠤᠭ᠎ᠠ ᠨᠡᠮᠡᠭᠳᠡᠭᠰᠡᠨ ᠢᠶᠠᠷ ᠪᠠᠷᠠᠬᠤ ᠦᠭᠡᠢ᠂ | ᠣᠷᠣᠯᠴᠠᠬᠰᠠᠨ ᠲᠥᠷᠥᠯ ᠵᠦᠢᠯ ᠨᠢ ᠴᠦ ᠲᠠᠩ ᠴᠤᠯᠭᠤᠢ ᠪᠢᠰᠢ ᠪᠣᠯᠵᠤ᠂ ᠤᠷᠤᠯᠳᠤᠭᠠᠨ ᠤ ᠬᠢᠷᠢ ᠪᠦᠲᠦᠮᠵᠢ ᠨᠢ | ᠲᠡᠦᠬᠡ ᠶᠢᠨ ᠰᠢᠪᠲᠤᠯᠤᠯᠲᠠ ᠶᠢ ᠪᠡᠶᠡᠯᠡᠭᠦᠯᠪᠡ᠃ 2018 ᠣᠨ ᠤ ᠫᠢᠶᠧᠩᠼᠠᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ ᠠᠴᠠ ᠡᠮᠦᠨ᠎ᠡ᠂ ᠮᠠᠨ ᠤ ᠣᠷᠣᠨ ᠤ ᠲᠠᠮᠢᠷᠴᠢᠨ ᠵᠥᠪᠭᠡᠨ ᠲᠦᠷᠭᠡᠨ | ᠲᠡᠰᠢᠯᠲᠡ ᠶᠢᠨ ᠲᠦᠷᠦᠯ ᠵᠦᠢᠯ ᠳᠤ ᠣᠷᠣᠯᠴᠠᠵᠤ ᠥᠩᠭᠡᠷᠡᠭᠰᠡᠨ ᠶᠤᠮ᠂ 2018 ᠣᠨ ᠠᠴᠠ ᠡᠬᠢᠯᠡᠨ᠂ ᠲᠦᠷᠭᠡᠨ | ᠲᠡᠰᠢᠯᠲᠡ᠂ ᠣᠶᠢᠷ᠎ᠠ ᠵᠠᠮ ᠤᠨ ᠲᠦᠷᠭᠡᠨ ᠲᠡᠰᠢᠯᠲᠡ᠂ ᠪᠣᠯᠣᠳ ᠵᠢᠶᠠᠰᠠᠲᠤ ᠵᠠᠯᠠᠭᠤᠷᠲᠤ ᠴᠢᠷᠭ᠎ᠠ ᠶᠢᠨ | ᠤᠷᠤᠯᠳᠤᠭᠠᠨ ᠳᠤ ᠣᠷᠤᠯᠴᠠᠬᠤ ᠪᠣᠯᠵᠠᠢ᠃ ᠫᠢᠶᠧᠩᠼᠠᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ ᠤ ᠡᠷᠡᠭᠲᠡᠢ ᠶᠢᠨ ᠪᠣᠯᠣᠳ ᠵᠢᠶᠠᠰᠠᠳᠤ ᠵᠠᠯᠠᠭᠤᠷᠲᠤ ᠴᠢᠷᠭ᠎ᠠ ᠶᠢᠨ ᠲᠦᠷᠦᠯ ᠵᠦᠢᠯ ᠳᠤ 13 ᠳ᠋ᠤᠭᠠᠷ ᠲᠤ | ᠵᠢᠭᠰᠠᠭᠠᠭᠳᠠᠭᠰᠠᠨ ᠭᠧᠩ ᠸᠧᠨ ᠴᠢᠶᠠᠩ ᠪᠣᠯ ᠮᠠᠨ ᠤ ᠤᠯᠤᠰ ᠤᠨ ᠪᠣᠯᠣᠳ ᠵᠢᠶᠠᠰᠠᠳᠤ ᠵᠠᠯᠠᠭᠤᠷᠲᠤ ᠴᠢᠷᠭ᠎ᠠ ᠶᠢᠨ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠬᠰᠠᠨ ᠠᠩᠬᠠᠳᠠᠭᠴᠢ ᠲᠠᠮᠢᠷᠴᠢᠨ | ᠪᠣᠯᠣᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠣᠷᠣᠯᠴᠠᠬᠰᠠᠨ ᠵᠤᠤ | ᠳ᠋ᠠᠨ ᠮᠠᠨ ᠤ ᠤᠯᠤᠰ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ | ᠣᠷᠣᠯᠴᠠᠬᠰᠠᠨ ᠡᠮᠡᠭᠲᠡᠢ ᠶᠢᠨ ᠪᠣᠯᠣᠳ ᠵᠢᠶᠠᠰᠠᠳᠤ ᠵᠠᠯᠠᠭᠤᠷᠲᠤ ᠴᠢᠷᠭ᠎ᠠ ᠶᠢᠨ ᠲᠦᠷᠦᠯ ᠵᠦᠢᠯ ᠤᠨ ᠲᠠᠮᠢᠷᠴᠢᠨ ᠤ | ᠨᠢᠭᠡ ᠪᠣᠯᠪᠠ᠃ 2023 - 2024 ᠣᠨ ᠤ ᠤᠷᠤᠯᠳᠤᠭᠠᠨ ᠤ ᠤᠯᠠᠷᠢᠯ ᠤᠨ ᠣᠯᠠᠨ ᠤᠯᠤᠰ ᠤᠨ ᠴᠢᠷᠭ᠎ᠠ ᠶᠢᠨ | ᠬᠤᠯᠪᠣᠭᠠᠲᠤ ᠬᠤᠷᠠᠯ ᠤᠨ ᠴᠢᠷᠭ᠎ᠠ ᠪᠣᠯᠣᠨ ᠪᠣᠯᠣᠳ ᠵᠢᠶᠠᠰᠠᠲᠤ ᠵᠠᠯᠠᠭᠤᠷᠲᠤ ᠴᠢᠷᠭ᠎ᠠ ᠶᠢᠨ ᠳᠡᠯᠡᠬᠡᠢ ᠶᠢᠨ ᠬᠤᠨᠳᠠᠭᠠᠲᠤ | ᠤᠷᠤᠯᠳᠤᠭᠠᠨ ᠤ ᠶᠠᠨᠴᠢᠩ ᠥᠷᠲᠡᠭᠡᠨ ᠤ ᠤᠷᠤᠯᠳᠤᠭᠠᠨ ᠳᠤ ᠵᠣᠣ ᠳ᠋ᠠᠨ 2 ᠮᠢᠨᠦ᠋ᠲ 03 ᠰᠧᠺᠦ᠋ᠨ᠋ᠳ᠋ 83 ᠶᠢᠨ | ᠬᠢᠷᠢ ᠪᠦᠲᠦᠮᠵᠢ ᠪᠠᠷ ᠡᠮᠡᠭᠲᠡᠢ ᠶᠢᠨ ᠪᠣᠯᠣᠳ ᠵᠢᠶᠠᠰᠠᠲᠤ ᠵᠠᠯᠠᠭᠤᠷᠲᠤ ᠴᠢᠷᠭ᠎ᠠ ᠶᠢᠨ ᠤᠷᠤᠯᠳᠤᠭᠠᠨ ᠳᠤ ᠳᠡᠳ᠋ᠯᠡᠵᠦ᠂ | ᠲᠤᠰ ᠤᠷᠤᠯᠳᠤᠭᠠᠨ ᠳᠤ ᠮᠠᠩᠯᠠᠶᠢᠯᠠᠭᠰᠠᠨ ᠭᠧᠷᠮᠠᠨ ᠤ ᠲᠠᠮᠢᠷᠴᠢᠨ ᠲᠠᠢ ᠵᠥᠪᠭᠡᠨ 0.02 ᠰᠧᠺᠦ᠋ᠨ᠋ᠳ᠋ ᠵᠥᠷᠢᠪᠡ᠃ | ᠡᠨᠡ ᠨᠢ ᠮᠠᠨ ᠤ ᠤᠯᠤᠰ ᠤᠨ ᠡᠮᠡᠭᠲᠡᠢ ᠶᠢᠨ ᠪᠣᠯᠣᠳ ᠵᠢᠶᠠᠰᠠᠲᠤ ᠵᠠᠯᠠᠭᠤᠷᠲᠤ ᠴᠢᠷᠭ᠎ᠠ ᠶᠢᠨ ᠲᠠᠮᠢᠷᠴᠢᠨ ᠤ | ᠳᠡᠯᠡᠬᠡᠢ ᠶᠢᠨ ᠬᠤᠨᠳᠠᠭᠠᠲᠤ ᠤᠷᠤᠯᠳᠤᠭᠠᠨ ᠳᠤ ᠣᠯᠣᠭᠰᠠᠨ ᠠᠩᠬᠠᠳᠠᠭᠴᠢ ᠱᠠᠩᠨᠠᠯ ᠤᠨ ᠮᠧᠳᠠᠯ ᠪᠣᠯᠣᠨ᠎ᠠ᠃ | | | | | | ᠵᠣᠬᠢᠶᠠᠨ ᠪᠠᠶᠢᠭᠤᠯᠤᠯᠲᠠ ᠲᠥᠬᠦᠭᠡᠷᠦᠮᠵᠢ ᠲᠡᠭᠦᠯᠳᠡᠷᠵᠢᠪᠡ | ᠣᠶᠢᠷ᠎ᠠ ᠶᠢᠨ ᠵᠢᠯ ᠳᠤ᠂ ᠮᠠᠨ ᠤ ᠣᠷᠣᠨ ᠮᠥᠰᠥ ᠴᠠᠰᠤᠨ ᠤ ᠬᠥᠳᠡᠯᠭᠡᠭᠡᠨ ᠤ ᠤᠷᠤᠯᠳᠤᠭᠠᠨ ᠡᠷᠭᠢᠯᠡᠭᠦ | ᠪᠠᠶᠠᠯᠢᠭ ᠲᠤᠷᠰᠢᠯᠭ᠎ᠠ ᠶᠢ ᠬᠤᠷᠠᠮᠳᠤᠭᠤᠯᠬᠤ ᠶᠢᠨ ᠬᠠᠮᠲᠤ ᠤᠷᠤᠯᠳᠤᠭᠠᠨ ᠤ ᠲᠠᠯᠠᠪᠤᠷ ᠭᠠᠵᠠᠷ ᠤᠨ ᠪᠠᠶᠢᠭᠤᠯᠤᠯᠲᠠ ᠶᠢ | ᠴᠦ ᠲᠠᠰᠤᠷᠠᠯᠲᠠ ᠦᠭᠡᠢ ᠠᠬᠢᠭᠤᠯᠪᠠ᠃ 10 ᠵᠢᠯ ᠳᠠᠷᠠᠭᠠᠯᠠᠨ 17 ᠤᠳᠠᠭᠠᠨ ᠤ ᠪᠦᠭᠦ ᠤᠯᠤᠰ ᠤᠨ | ᠵᠠᠯᠠᠭᠤᠴᠤᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠲᠡᠷᠢᠭᠦᠨ ᠰᠢᠯᠭᠠᠷᠠᠭᠤᠯᠬᠤ ᠤᠷᠤᠯᠳᠤᠭᠠᠨ ᠵᠡᠷᠭᠡ | ᠴᠠᠨᠠᠯᠠᠯᠲᠠ ᠶᠢᠨ ᠬᠥᠬᠡ ᠲᠠᠰ ᠤᠨ ᠤᠷᠤᠯᠳᠤᠭᠠᠨ ᠢ ᠳᠠᠭᠠᠭᠠᠴᠢᠯᠠᠨ ᠡᠷᠭᠢᠯᠡᠵᠦ᠂ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠥᠰᠥᠨ ᠪᠥᠮᠪᠦᠭᠡ ᠶᠢᠨ | ᠢᠯᠡ ᠤᠷᠤᠯᠳᠤᠭᠠᠨ ᠤ ᠳᠤᠭᠤᠶᠢᠯᠠᠩ ᠤᠨ ᠤᠷᠤᠯᠳᠤᠭᠠᠨ᠂ 2023 - 2024 ᠣᠨ ᠤ ᠤᠷᠤᠯᠳᠤᠭᠠᠨ ᠤ | ᠤᠯᠠᠷᠢᠯ ᠤᠨ ᠳᠤᠮᠳᠠᠳᠤ ᠤᠯᠤᠰ ᠤᠨ ᠬᠤᠨᠳᠠᠭᠠᠲᠤ ᠣᠶᠢᠷ᠎ᠠ ᠵᠠᠮ ᠤᠨ ᠲᠦᠷᠭᠡᠨ ᠲᠡᠰᠢᠯᠲᠡ ᠶᠢᠨ ᠰᠣᠳᠣᠴᠤᠤᠯ ᠤᠨ | ᠬᠤᠯᠪᠣᠭᠠᠲᠤ ᠤᠷᠤᠯᠳᠤᠭᠠᠨ ᠤ ᠬᠥᠯᠥᠨ ᠪᠤᠶᠢᠷ ᠥᠷᠲᠡᠭᠡ ᠶᠢᠨ ᠤᠷᠤᠯᠳᠤᠭᠠᠨ᠂ ᠪᠦᠭᠦ ᠤᠯᠤᠰ ᠤᠨ ᠡᠪᠦᠯ ᠤᠨ | ᠤᠯᠠᠷᠢᠯ ᠤᠨ ᠬᠤᠶᠠᠷ ᠲᠦᠷᠦᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠣᠯᠠᠨ ᠵᠦᠢᠯ ᠤᠨ | ᠤᠷᠤᠯᠳᠤᠭᠠᠨ ᠢ ᠡᠷᠭᠢᠯᠡᠪᠡ᠃ ︽ᠤᠯᠠᠨ ᠲᠦᠮᠡᠨᠴᠢ ᠮᠥᠰᠥ ᠴᠠᠰᠤᠨ ᠤ ᠤᠯᠠᠷᠢᠯ︾ ᠤᠨ ᠰᠢᠷᠢᠰ ᠠᠵᠢᠯᠯᠠᠭ᠎ᠠ ᠶᠢ | ᠨᠢᠭᠡᠨᠲᠡ ᠵᠠᠯᠭᠠᠭ᠎ᠠ ᠪᠠᠷ 8 ᠬᠤᠭᠤᠴᠠᠭ᠎ᠠ ᠡᠷᠭᠢᠯᠡᠵᠦ᠂ ᠳᠤᠮᠳᠠᠴᠢ ᠪᠠᠷ ᠵᠢᠯ ᠪᠦᠷᠢ 100 ᠭᠠᠷᠤᠢ ᠲᠠᠯᠠᠪᠤᠷ | ᠠᠵᠢᠯᠯᠠᠭ᠎ᠠ ᠥᠷᠨᠢᠭᠦᠯᠵᠦ᠂ 280 ᠭᠠᠷᠤᠢ ᠲᠦᠮᠡᠨ ᠬᠥᠮᠥᠨ ᠰᠢᠭᠤᠳ ᠣᠷᠣᠯᠴᠠᠵᠤ᠂ 500 ᠲᠦᠮᠡ ᠰᠢᠬᠠᠮ | ᠬᠥᠮᠥᠨ ᠢ ᠨᠥᠯᠥᠭᠡᠯᠡᠨ ᠳᠠᠶᠢᠴᠢᠯᠠᠪᠠ᠃ ᠡᠭᠦᠨ ᠠᠴᠠ ᠭᠠᠳᠠᠨ᠎ᠠ᠂ ᠵᠠᠯᠭᠠᠭ᠎ᠠ ᠪᠠᠷ 2 ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ᠂ 9 | ᠬᠤᠭᠤᠴᠠᠭᠠᠨ ᠤ ᠵᠠᠭᠤᠨ ᠲᠦᠮᠡᠨ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠠᠵᠢᠯᠯᠠᠭ᠎ᠠ᠂ 9 | ᠬᠤᠭᠤᠴᠠᠭᠠᠨ ᠤ ᠮᠥᠰᠥ ᠴᠠᠰᠤᠨ ᠤ ᠴᠤᠭᠯᠠᠭᠠᠨ ᠵᠡᠷᠭᠡ ᠶᠢ ᠠᠮᠵᠢᠯᠲᠠ ᠲᠠᠢ ᠡᠷᠭᠢᠯᠡᠵᠦ᠂ ᠡᠯ᠎ᠡ ᠲᠥᠷᠥᠯ ᠤᠨ | ᠬᠥᠮᠥᠰ ᠢ ᠬᠠᠮᠤᠷᠤᠭᠰᠠᠨ ᠮᠥᠰᠥ ᠴᠠᠰᠤᠨ ᠤ ᠬᠥᠳᠡᠯᠭᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠪᠡ᠃ | | ᠣᠶᠢᠯᠠᠭᠠᠭᠰᠠᠨ ᠢᠶᠠᠷ᠂ ᠣᠳᠣᠬᠠᠨ ᠳᠤ᠂ ᠮᠠᠨ ᠤ ᠣᠷᠣᠨ ᠳᠤ ᠮᠥᠰᠥ ᠴᠠᠰᠤᠨ ᠤ ᠬᠥᠳᠡᠯᠭᠡᠭᠡᠨ ᠤ ᠲᠠᠯᠠᠪᠤᠷ | ᠨᠡᠶᠢᠲᠡ 122 ᠪᠠᠶᠢᠵᠤ᠂ 390.06 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠡᠭᠦᠨ ᠳᠤ ᠮᠥᠰᠥᠨ | ᠲᠠᠯᠠᠪᠤᠷ 79᠂ ᠴᠠᠨᠠᠯᠠᠯᠲᠠ ᠶᠢᠨ ᠲᠠᠯᠠᠪᠤᠷ 43 ᠪᠠᠶᠢᠵᠤ᠂ ᠤᠯᠠᠨ ᠲᠦᠮᠡᠨ ᠢ ᠵᠢᠯ ᠳᠤ 400 ᠲᠦᠮᠡᠨ ᠬᠥᠮᠥᠨ | ᠤᠳᠠᠭ᠎ᠠ ᠭᠥᠯᠢᠶᠡᠨ ᠠᠪᠴᠤ ᠪᠠᠶᠢᠨ᠎ᠠ᠃ ᠡᠭᠦᠨ ᠠᠴᠠ ᠭᠠᠳᠠᠨ᠎ᠠ᠂ ᠴᠡᠴᠡᠷᠯᠢᠭ ᠤᠨ ᠨᠠᠭᠤᠷ ᠭᠤᠣᠯ᠂ ᠬᠤᠲᠠ ᠶᠢᠨ | ᠰᠤᠯᠠ ᠭᠠᠵᠠᠷ ᠵᠡᠷᠭᠡ ᠶᠢ ᠠᠰᠢᠭᠯᠠᠨ ᠭᠡᠷ ᠤᠨ ᠭᠠᠳᠠᠨᠠᠬᠢ ᠮᠥᠰᠥᠨ ᠲᠠᠯᠠᠪᠤᠷ ᠢ ᠪᠦᠲᠦᠭᠡᠨ ᠪᠠᠶᠢᠭᠤᠯᠵᠤ᠂ ᠣᠯᠠᠨ | ᠲᠦᠮᠡᠨ ᠤ ᠳᠡᠷᠭᠡᠳᠡᠬᠢ ᠮᠥᠰᠥ ᠴᠠᠰᠤᠨ ᠤ ᠬᠥᠳᠡᠯᠭᠡᠭᠡᠨ ᠤ ᠲᠠᠯᠠᠪᠤᠷ ᠢ ᠪᠤᠢ ᠪᠤᠯᠭᠠᠵᠤ᠂ ᠵᠢᠵᠢᠭ ᠭᠡᠯᠪᠡᠷᠢ ᠶᠢᠨ᠂ | ᠣᠯᠠᠨ ᠶᠠᠩᠵᠤ ᠶᠢᠨ ᠬᠠᠭᠤᠷᠠᠢ ᠭᠠᠵᠠᠷ ᠤᠨ ᠮᠥᠰᠥ ᠴᠠᠰᠤᠨ ᠤ ᠪᠠᠭᠠᠵᠢ ᠬᠡᠷᠡᠭᠰᠡᠯ ᠢ ᠲᠣᠬᠢᠷᠠᠭᠤᠯᠵᠤ᠂ ᠮᠥᠰᠥ | ᠴᠠᠰᠤᠨ ᠤ ᠬᠥᠳᠡᠯᠭᠡᠭᠡᠨ ᠢ ᠳᠥᠷᠪᠡᠨ ᠤᠯᠠᠷᠢᠯ ᠳᠤ ᠪᠠᠶᠢᠩᠭᠤᠵᠢᠭᠤᠯᠬᠤ ᠶᠢ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠮᠥᠰᠥ ᠴᠠᠰᠤᠨ ᠤ ᠡᠬᠢ ᠪᠠᠶᠠᠯᠢᠭ ᠤᠨ ᠣᠨᠴᠠᠯᠢᠭ ᠪᠠ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠮᠠᠨ ᠤ ᠣᠷᠣᠨ ᠤ ᠮᠥᠰᠥ ᠴᠠᠰᠤᠨ ᠤ ᠬᠥᠳᠡᠯᠭᠡᠭᠡᠨ ᠢ ᠬᠥᠭᠵᠢᠭᠦᠯᠵᠦ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠥᠨᠳᠥᠷ | ᠲᠦᠪᠰᠢᠨ ᠲᠠᠢ᠂ ᠥᠪᠡᠷᠮᠢᠴᠡ ᠬᠡᠪ ᠨᠠᠮᠪᠠ ᠲᠠᠢ᠂ ᠭᠤᠶᠢᠳᠠ ᠰᠠᠶᠢᠬᠠᠨ ᠡᠷᠭᠢᠯᠡᠵᠦ᠂ ᠤᠷᠤᠯᠳᠤᠭᠠᠨ ᠤ ᠰᠢᠨ᠎ᠡ ᠬᠢᠷᠢ | ᠪᠦᠲᠦᠮᠵᠢ ᠶᠢ ᠴᠢᠷᠮᠠᠶᠢᠨ ᠪᠢᠴᠢᠭᠯᠡᠨ᠎ᠡ᠃ | | | | |