2023 ᠣᠨ ᠤ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠠᠪᠤᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠥᠲᠥᠨ ᠪᠥᠮᠪᠦᠭᠡ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/1/4
     12 ᠰᠠᠷ᠎ᠠ ᠶᠢᠨ 28 ᠤ ᠡᠳᠦᠷ᠂ 2023 ᠣᠨ ᠤ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠠᠪᠤᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠥᠲᠥᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃ ᠲᠤᠰ ᠤᠳᠠᠭ᠎ᠠ ᠶᠢᠨ ᠤᠷᠤᠯᠳᠤᠭᠠᠨ 2 ᠡᠳᠦᠷ ᠶᠠᠪᠤᠭᠳᠠᠵᠤ᠂ ᠪᠦᠬᠦ  ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠥᠮ ᠤᠨ 35 ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠶᠢᠨ 200 ᠭᠠᠷᠤᠢ ᠬᠥᠮᠥᠨ ᠤᠷᠤᠯᠳᠤᠭᠠᠨ ᠳᠤ ᠣᠷᠣᠯᠴᠠᠵᠠᠢ᠃
     ᠤᠷᠤᠯᠳᠤᠭᠠᠨ ᠤ ᠠᠬᠤᠢ ᠲᠠᠯᠠᠪᠠᠶ ᠪᠠᠴᠢᠮ ᠪᠥᠭᠡᠳ ᠡᠮᠬᠢ ᠴᠡᠭᠴᠡ ᠲᠠᠢ᠂ ᠠᠭᠤᠷ ᠠᠮᠢᠰᠬᠤᠯ ᠬᠦᠷ ᠬᠥᠭᠵᠢᠶᠡᠨ ᠲᠠᠢ᠂ ᠤᠷᠤᠯᠳᠤᠭᠠᠨ ᠳᠤ ᠣᠷᠣᠯᠴᠠᠬᠤ ᠲᠥᠯᠥᠭᠡᠯᠡᠭᠴᠢᠳ ᠤᠨ ᠠᠩᠭᠢ ᠨᠢᠭᠡᠪᠦᠷᠢ ᠲᠠᠮᠢᠷ ᠤᠨ ᠲᠠᠯᠠᠪᠠᠶ ᠳᠤ ᠥᠪᠡᠷ ᠤᠨ ᠣᠨᠴᠠ ᠴᠢᠳᠠᠪᠤᠷᠢ ᠪᠠ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠡᠳᠡ ᠲᠡᠮᠡᠴᠡᠯ ᠤᠨ ᠵᠣᠷᠢᠭ ᠪᠠᠳᠠᠷᠠᠩᠭᠤᠢ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠬᠡᠪ ᠨᠠᠮᠪᠠ ᠲᠠᠢ᠂ ᠬᠢᠷᠢ ᠲᠦᠪᠰᠢᠨ ᠲᠠᠢ᠂ ᠨᠥᠬᠦᠷᠯᠡᠯ ᠲᠠᠢ᠂ ᠪᠣᠯᠪᠠᠰᠤᠷᠠᠯ ᠲᠠᠢ᠂ ᠪᠦᠯᠬᠦᠮ ᠤᠨ ᠨᠢᠭᠲᠠᠷᠠᠯ ᠤᠨ ᠬᠦᠴᠦᠨ ᠲᠠᠢ᠂ ᠰᠠᠶᠢᠬᠠᠨ ᠲᠣᠭᠤᠷᠢᠭ ᠤᠨ ᠪᠠᠭᠰᠢ ᠠᠵᠢᠯᠲᠠᠨ ᠤ ᠡᠩᠨᠡᠭᠡ ᠶᠢᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠪᠣᠯᠣᠨ ᠢᠳᠡᠪᠬᠢᠲᠡᠢ ᠥᠭᠡᠳᠡᠯᠡᠨ ᠲᠠᠪᠰᠢᠬᠤ ᠥᠷᠢᠰᠦᠯᠳᠦᠭᠡᠨ ᠤ ᠣᠪᠣᠷ ᠢ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠠᠢ ᠳᠤ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃
     ᠲᠤᠰ ᠤᠳᠠᠭᠠᠨ ᠤ ᠥᠳᠥᠨ ᠪᠥᠮᠪᠦᠭᠡ ᠶᠢᠨ ᠤᠷᠤᠯᠳᠤᠭᠠᠨ ᠳᠤ ᠬᠤᠯᠢᠮᠠᠭ ᠬᠠᠮᠲᠤ ᠶᠢᠨ ᠤᠷᠤᠯᠳᠤᠭᠠᠨ ᠤ ᠳᠦᠷᠢᠮ ᠪᠠᠶᠢᠵᠤ᠂ ᠡᠷᠡᠭᠲᠡᠢ ᠶᠢᠨ ᠬᠤᠣᠰᠯᠠᠯ᠂ ᠡᠮᠡᠭᠲᠡᠢ ᠶᠢᠨ ᠬᠤᠣᠰᠯᠠᠯ᠂ ᠬᠤᠯᠢᠮᠠᠭ ᠬᠤᠣᠰᠯᠠᠯ ᠭᠡᠬᠦ ᠭᠤᠷᠪᠠᠨ ᠵᠦᠢᠯ ᠤᠨ ᠤᠷᠤᠯᠳᠤᠭᠠᠨ ᠢ ᠲᠣᠬᠢᠷᠠᠭᠤᠯᠵᠤ᠂ ᠭᠤᠷᠪᠠᠨ ᠵᠦᠢᠯ ᠤᠨ ᠤᠷᠤᠯᠳᠤᠭᠠᠨ ᠳᠤ ᠬᠤᠶᠠᠷ ᠵᠦᠢᠯ ᠤᠨ ᠤᠷᠤᠯᠳᠤᠭᠠᠨ ᠳᠤ ᠢᠯᠠᠵᠤ᠂ ᠤᠷᠢᠳ ᠢᠶᠠᠷ ᠬᠤᠶᠠᠷ ᠵᠦᠢᠯ ᠤᠨ ᠤᠷᠤᠯᠳᠤᠭᠠᠨ ᠢ ᠢᠯᠠᠪᠠᠯ ᠲᠤᠰ ᠲᠠᠯᠠᠪᠤᠷ ᠢ ᠢᠯᠠᠨ᠎ᠠ ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠲᠠᠮᠵᠢᠨ᠂ ᠰᠠᠶᠢᠬᠠᠨ ᠲᠣᠭᠤᠷᠢᠭ ᠤᠨ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠨᠢ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠨᠢᠭᠡᠳᠦᠭᠡᠷ ᠲᠤ ᠣᠷᠣᠵᠤ᠂ ᠰᠠᠶᠢᠬᠠᠨ ᠲᠣᠭᠤᠷᠢᠭ ᠤᠨ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠨᠢ ᠪᠠᠭ᠎ᠠ ᠰᠤᠷᠭᠠᠭᠤᠯᠢ ᠶᠢᠨ ᠳᠤᠭᠤᠶᠢᠯᠠᠩ ᠤᠨ ᠨᠢᠭᠡᠳᠦᠭᠡᠷ ᠲᠤ ᠣᠷᠣᠵᠤ᠂ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠲᠥᠯᠥᠭᠡᠯᠡᠭᠴᠢᠳ ᠤᠨ ᠠᠩᠭᠢ ᠨᠢ ᠬᠡᠦᠬᠡᠳ ᠤᠨ ᠴᠡᠴᠡᠷᠯᠢᠭ ᠤᠨ ᠳᠤᠭᠤᠶᠢᠯᠠᠩ ᠤᠨ ᠨᠢᠭᠡᠳᠦᠭᠡᠷ ᠲᠤ ᠣᠷᠣᠵᠤ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠲᠥᠯᠥᠭᠡᠯᠡᠭᠴᠢᠳ ᠤᠨ ᠠᠩᠭᠢ ᠨᠢ ᠭᠤᠣᠯ ᠰᠤᠷᠭᠠᠭᠤᠯᠢ᠂ ᠵᠢᠭᠠᠨ ᠰᠤᠷᠭᠠᠯᠲᠠ ᠶᠢᠨ ᠬᠠᠪᠰᠤᠷᠤᠨ ᠵᠢᠯᠤᠭᠤᠳᠬᠤ ᠨᠢᠭᠡᠴᠡ ᠶᠢᠨ ᠳᠤᠭᠤᠶᠢᠯᠠᠩ ᠤᠨ ᠨᠢᠭᠡᠳᠦᠭᠡᠷ ᠲᠤ ᠣᠷᠣᠪᠠ᠃
     ᠲᠣᠰ ᠤᠳᠠᠭᠠᠨ ᠤ ᠥᠳᠥᠨ ᠪᠥᠮᠪᠦᠭᠡ ᠶᠢᠨ ᠤᠷᠤᠯᠳᠤᠭᠠᠨ ᠨᠢ ᠰᠠᠶᠢᠬᠠᠨ ᠲᠣᠭᠤᠷᠢᠭ ᠤᠨ ᠥᠷᠭᠡᠨ ᠣᠯᠠᠨ ᠪᠠᠭᠰᠢ ᠠᠵᠢᠯᠲᠠᠳ ᠲᠤ ᠪᠡᠶ᠎ᠡ ᠮᠠᠬᠠᠪᠤᠳ ᠢᠶᠠᠨ ᠪᠣᠯᠪᠠᠰᠤᠷᠠᠭᠤᠯᠬᠤ᠂ ᠪᠥᠮᠪᠥᠭᠡᠨ ᠮᠡᠷᠭᠡᠵᠢᠯ ᠢᠶᠠᠨ ᠰᠣᠯᠢᠯᠴᠠᠬᠤ᠂ ᠨᠥᠬᠦᠷᠯᠡᠯ ᠢᠶᠠᠨ ᠵᠤᠵᠠᠭᠠᠳᠬᠠᠬᠤ ᠲᠣᠬᠢᠶᠠᠯ ᠣᠯᠭᠤᠵᠤ᠂ ᠰᠠᠶᠢᠬᠠᠨ ᠲᠣᠭᠤᠷᠢᠭ ᠤᠨ ᠪᠠᠭᠰᠢ ᠶᠢᠨ ᠡᠩᠨᠡᠭᠡ ᠶᠢᠨ ᠴᠤᠭ ᠵᠢᠪᠬᠤᠭ᠎ᠠ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠵᠢᠴᠢ ᠴᠢᠩ ᠦᠨᠡᠨᠴᠢ ᠪᠠᠷ ᠪᠦᠯᠬᠦᠮᠳᠡᠭᠰᠡᠨ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠭᠦᠢᠴᠡᠳ ᠳᠡᠯᠭᠡᠨ ᠦᠵᠡᠭᠦᠯᠵᠦ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠢᠨ ᠰᠤᠷᠭᠠᠨ ᠬᠥᠮᠦᠵᠢᠯ ᠤᠨ ᠰᠢᠰᠲ᠋ᠥᠮ ᠤᠨ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠰᠢᠨ᠎ᠡ ᠲᠣᠭᠲᠠᠴᠠ᠂ ᠰᠢᠨ᠎ᠡ ᠠᠷᠭ᠎ᠠ ᠵᠠᠮ ᠢ ᠲᠠᠰᠤᠷᠠᠯᠳᠡ ᠦᠭᠡᠢ ᠰᠦᠪᠡᠭᠴᠢᠯᠡᠵᠦ᠂ ᠬᠥᠮᠥᠨ ᠢᠶᠠᠷ ᠦᠨᠳᠦᠰᠦ ᠪᠣᠯᠭᠠᠨ᠂︽ᠰᠤᠷᠭᠠᠨ ᠬᠥᠮᠦᠵᠢᠯ ᠢ ᠪᠠᠶᠠᠷ ᠴᠡᠩᠭᠡᠯ ᠢᠶᠠᠷ ᠬᠦᠷᠲᠡᠭᠡᠬᠦ︾ ᠪᠠᠷ ᠬᠠᠷᠠᠯᠲᠠ ᠪᠣᠯᠭᠠᠵᠤ᠂ ᠪᠠᠶᠠᠯᠢᠭ ᠰᠠᠶᠢᠬᠠᠨ ᠪᠡᠶ᠎ᠡ ᠲᠠᠮᠢᠷ ᠤᠨ ᠠᠵᠢᠯᠯᠠᠭ᠎ᠠ ᠥᠷᠨᠢᠭᠦᠯᠵᠦ᠂ ᠪᠠᠭᠰᠢ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠵᠣᠯ ᠵᠢᠷᠭᠠᠯ ᠤᠨ ᠰᠢᠰᠲ᠋ᠥᠮ ᠢ ᠪᠠᠶᠢᠭᠤᠯᠬᠤ ᠪᠠᠷ ᠴᠢᠷᠮᠠᠶᠢᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号