ᠰᠠᠶᠢᠬᠠᠨ ᠲᠣᠭᠤᠷᠢᠭ ᠤᠨ ᠣᠶᠤᠨᠲᠤ ᠠᠮᠢᠳᠤᠷᠠᠯ MALL ᠵᠢᠩᠬᠢᠨᠢ ᠪᠠᠷ ᠠᠵᠢᠯ ᠢᠶᠠᠨ ᠡᠬᠢᠯᠡᠭᠦᠯᠵᠡᠢ ! ᠬᠤᠳᠠᠯᠳᠤᠭᠠᠨ ᠤ ᠬᠡᠷᠡᠭᠯᠡᠭᠡᠨ ᠤ ᠰᠢᠨ᠎ᠡ ᠪᠠᠷᠢᠮᠵᠢᠶ᠎ᠠ ᠶᠢ ᠡᠭᠦᠳᠪᠡ
ᠨᠡᠶᠢᠲᠡᠯᠡᠭᠰᠡᠨ ᠴᠠᠭ᠄
2024/1/4
     12 ᠰᠠᠷ᠎ᠠ ᠶᠢᠨ 30  ᠤ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ ‍ᠦᠨ‌ᠣᠶᠤᠨᠲᠤ ᠠᠮᠢᠳᠤᠷᠠᠯ MALL ᠵᠢᠩᠬᠢᠨᠢ ᠪᠠᠷ ᠠᠵᠢᠯ ᠢᠶᠠᠨ ᠡᠬᠢᠯᠡᠭᠦᠯᠵᠡᠢ᠃ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠰᠢᠶᠣᠣ ᠶᠠᠨ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ ᠬᠤᠳᠠᠯᠳᠤᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ᠂ ᠵᠢᠩ ᡁᠢ ᠵᠢᠶᠠ ᠪᠦᠯᠦᠭᠯᠡᠯ ᠤᠨ ᠭᠦᠢᠴᠡᠳᠭᠡᠭᠴᠢ ᠶᠡᠷᠦᠩᠬᠡᠢ ᠵᠠᠬᠢᠷᠤᠯ ᠸᠠᠩ ᠨᠢᠩ᠂ ᠸᠠᠨ ᠵᠧᠩ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ ᠼᠤᠤ ᠵᠠᠨ ᠢ᠂ ᠳ᠋ᠦᠩ ᠭᠧ ᠪᠦᠯᠦᠭᠯᠡᠯ ᠤᠨ ᠶᠡᠷᠦᠩᠬᠡᠢ ᠳᠠᠭᠠᠭᠠᠮᠠᠯ ᠰᠦᠨ ᠬᠠᠢ ᠹᠧᠩ ᠬᠤᠳᠠᠯᠳᠤᠭ᠎ᠠ ᠡᠬᠢᠯᠡᠬᠦ ᠶᠣᠰᠣᠯᠠᠯ ᠳᠤ ᠪᠠᠶᠠᠷ ᠤᠨ ᠦᠭᠡ ᠬᠡᠯᠡᠵᠡᠢ᠃
           ᠬᠤᠳᠠᠯᠳᠤᠭᠠᠨ ᠤ ᠲᠠᠯᠠᠪᠠᠶ ᠳᠤ ᠣᠷᠣᠬᠤ ᠳᠤ᠂ ᠨᠣᠭᠤᠭᠠᠨ ᠤᠷᠭᠤᠮᠠᠯ᠂ ᠳᠤᠮᠳᠠ ᠲᠢᠩᠬᠢᠮ ᠤᠨ ᠲᠣᠮᠣ ᠬᠡᠯᠪᠡᠷᠢ ᠶᠢᠨ ᠤᠰᠤᠨ ᠬᠥᠰᠢᠭᠡ ᠶᠢᠨ ᠬᠡᠷᠡᠮ ᠁ ᠦᠵᠡᠮᠵᠢ ᠪᠠᠶᠢᠳᠠᠯ ᠨᠢ ᠬᠡᠷᠡᠭᠯᠡᠭᠴᠢᠳ ᠲᠤ ᠠᠶᠠᠲᠠᠢ ᠰᠠᠶᠢᠬᠠᠨ ᠲᠥᠷᠥᠭᠳᠡᠯ ᠥᠭᠭᠦᠨ᠎ᠡ᠃ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭ᠎ᠠ ᠲᠠᠢ ᠲᠣᠬᠢᠶᠠᠯᠳᠤᠵᠤ᠂ ᠬᠤᠳᠠᠯᠳᠤᠭᠠᠨ ᠤ ᠲᠠᠯᠠᠪᠤᠷ ᠴᠤ ᠪᠠᠶᠠᠷ ᠴᠡᠩᠭᠡᠯ᠂ ᠰᠢᠨ᠎ᠡ ᠵᠢᠯ ᠤᠨ ᠳᠠᠭᠤᠤ ᠬᠥᠭᠵᠢᠮ ᠤᠨ ᠨᠠᠶᠢᠷ ᠵᠡᠷᠭᠡ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠣᠯᠠᠨ ᠵᠦᠢᠯ ᠤᠨ ᠬᠠᠷᠠᠭᠠᠯᠵᠠᠯ ᠲᠠᠢ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠠᠪᠤᠭᠳᠠᠵᠤ ᠪᠠᠶᠢᠨ᠎ᠠ᠃ ︽ᠪᠢ ᠭᠡᠷ ᠤᠨ ᠬᠥᠮᠥᠰ ᠲᠠᠢ ᠪᠠᠨ ᠨᠡᠶᠢᠲᠡ ᠶᠢᠨ ᠳ᠋ᠤᠭᠠᠷ ᠠᠴᠠ ᠤᠬᠠᠭᠤᠯᠭ᠎ᠠ ᠶᠢᠨ ᠮᠡᠳᠡᠭᠡ ᠵᠠᠩᠭᠢ ᠶᠢ ᠣᠯᠵᠤ ᠦᠵᠡᠭᠰᠡᠨ᠂ ᠠᠳᠡ ᠢᠷᠡᠵᠦ ᠲᠡᠷᠭᠡ ᠵᠣᠭᠰᠤᠭᠠᠬᠤ ᠳᠤ ᠳᠥᠭᠦᠮ᠂ ᠨᠠᠭᠠᠳᠬᠤ ᠳᠤ ᠲᠣᠬᠢᠷᠠᠮᠵᠢᠲᠠᠢ ᠬᠡᠦᠬᠡᠳ ᠤᠨ ᠴᠡᠩᠭᠡᠯ ᠤᠨ ᠭᠠᠵᠠᠷ ᠪᠠᠶᠢᠨ᠎ᠠ ᠭᠡᠵᠦ ᠰᠣᠨᠤᠰᠣᠭᠠᠳ ᠬᠡᠦᠬᠡᠳ ᠢᠶᠠᠨ ᠳᠠᠭᠠᠭᠤᠯᠵᠤ ᠨᠠᠭᠠᠳᠬᠤ ᠭᠡᠵᠦ ᠪᠠᠶᠢᠨ᠎ᠠ︾ ᠬᠤᠲᠠ ᠶᠢᠨ ᠠᠷᠠᠳ ᠯᠢᠶᠠᠩ ᠶᠤᠸᠠᠨ ᠶᠤᠸᠠᠨ ᠪᠠᠶᠠᠷᠲᠠᠢ ᠪᠠᠷ ᠰᠤᠷᠪᠤᠯᠵᠢᠯᠠᠭᠴᠢ ᠳᠤ ᠬᠡᠯᠡᠪᠡ᠃
     ᠲᠠᠨᠢᠯᠴᠠᠭᠤᠯᠤᠭᠰᠠᠨ ᠢᠶᠠᠷ᠂  ᠣᠶᠤᠨᠲᠤ ᠠᠮᠢᠳᠤᠷᠠᠯ MALL ᠶᠡᠷᠦᠩᠬᠡᠢ ᠬᠡᠮᠵᠢᠶ᠎ᠡ ᠨᠢ 16 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠤᠳᠠᠯᠳᠤᠭᠠᠨ ᠤ ᠪᠠᠷᠢᠯᠭ᠎ᠠ ᠶᠢᠨ ᠲᠠᠯᠠᠪᠠᠶ ᠨᠢ 11 ᠲᠦᠮᠡᠨ ᠲᠡᠭᠰᠢ ᠳᠥᠷᠪᠡᠯᠵᠢᠨ ᠮᠧᠲᠷ᠂ ᠳᠣᠣᠷ᠎ᠠ 3 ᠳᠠᠪᠬᠤᠷ᠂ ᠳᠡᠭᠡᠷ᠎ᠡ 4 ᠳᠠᠪᠬᠤᠷ ᠪᠠᠶᠢᠳᠠᠭ᠃ ᠨᠡᠶᠢᠲᠡ 1200 ᠲᠡᠷᠭᠡ ᠵᠣᠭᠰᠣᠬᠤ ᠭᠠᠵᠠᠷ ᠢ ᠲᠥᠯᠥᠪᠯᠡᠵᠦ᠂ 200 ᠭᠠᠷᠤᠢ ᠨᠡᠷᠡᠲᠦ ᠲᠡᠮᠳᠡᠭ ᠢ ᠣᠷᠣᠭᠤᠯᠤᠨ ᠠᠪᠴᠢᠷᠠᠵᠤ᠂ ︽ᠵᠠᠯᠠᠭᠤ ᠨᠠᠰᠤᠨ ᠤ ᠴᠠᠭ ᠤᠨ ᠥᠩᠭᠡ︾ ᠪᠠ ︽ᠢᠷᠡᠭᠡᠳᠦᠢ ᠶᠢ ᠬᠥᠲᠥᠯᠥᠨ ᠳᠠᠭᠠᠭᠤᠯᠬᠤ︾ ᠪᠠᠷ ᠪᠠᠶᠢᠷᠢ ᠲᠣᠭᠲᠠᠭᠠᠯᠲᠠ ᠪᠣᠯᠭᠠᠵᠤ᠂ ︽ᠬᠤᠳᠠ ᠶᠢᠨ ᠰᠣᠳᠣᠨ ᠬᠥᠮᠥᠰ ᠤᠨ ᠰᠡᠯᠡᠭᠦᠴᠡᠯ᠂ ᠲᠦᠷᠦᠯ ᠰᠠᠳᠤᠨ ᠦᠷ᠎ᠡ ᠬᠡᠦᠬᠡᠳ ᠲᠠᠢ ᠪᠠᠨ ᠬᠠᠮᠲᠤ ᠨᠡᠶᠢᠭᠡᠮ ᠤᠨ ᠬᠠᠷᠢᠯᠴᠠᠭ᠎ᠠ᠂ ᠴᠤᠤᠲᠠᠢ ᠬᠥᠮᠥᠰ ᠤᠨ ᠺᠠᠷᠲ ᠢᠶᠠᠷ ᠨᠠᠭᠠᠳᠴᠤ ᠴᠡᠩᠭᠡᠬᠦ᠂ ᠠᠮᠢᠳᠤᠷᠠᠯ ᠤᠨ ᠭᠤᠸ᠎ᠠ ᠰᠠᠶᠢᠬᠠᠨ ᠤ ᠤᠬᠠᠭᠠᠨ ᠤ ᠭᠡᠷ ᠪᠦᠯᠢ᠂ ᠭᠡᠷ ᠤᠨ ᠣᠷᠣᠢ ᠶᠢᠨ ᠤᠷᠤᠰᠬᠠᠯ ᠤᠨ ᠬᠥᠳᠡᠯᠭᠡᠭᠡᠨ︾ ᠭᠡᠬᠦ ᠲᠠᠪᠤᠨ ᠶᠡᠭᠡ ᠨᠡᠶᠢᠭᠡᠮ ᠤᠨ ᠬᠠᠷᠢᠯᠴᠠᠭᠠᠨ ᠤ ᠣᠷᠣᠨ ᠵᠠᠢ ᠶᠢ ᠬᠡᠷᠡᠭᠯᠡᠭᠴᠢᠳ ᠲᠤ ᠰᠡᠯᠡᠭᠦᠴᠡᠯ ᠤᠨ ᠨᠡᠶᠢᠭᠡᠮ ᠤᠨ ᠬᠠᠷᠢᠯᠴᠠᠭ᠎ᠠ᠂ ᠬᠤᠳᠠᠯᠳᠤᠭᠠᠨ ᠤ ᠶᠠᠪᠤᠳᠠᠯ ᠤᠨ ᠠᠮᠢᠳᠤᠷᠠᠯ᠂ ᠨᠠᠷᠢᠯᠢᠭ ᠬᠢᠴᠡᠲᠡᠢ ᠵᠢᠷᠭᠠᠵᠤ ᠴᠡᠩᠭᠡᠬᠦ ᠶᠢ ᠨᠢᠭᠡ ᠴᠣᠭᠴᠠᠵᠢᠭᠤᠯᠤᠭᠰᠠᠨ ᠴᠣ᠋ ᠰᠢᠨ᠎ᠡ ᠭᠠᠵᠠᠷ ᠣᠷᠣᠨ ᠤ ᠲᠠᠰ ᠤᠨ ᠬᠤᠳᠠᠯᠳᠤᠭᠠᠨ ᠤ ᠲᠥᠪ ᠢ ᠳᠡᠯᠭᠡᠨ ᠦᠵᠡᠭᠦᠯᠵᠦ᠂ ᠬᠥᠬᠡᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠪᠡ᠂ ᠡᠭᠦᠨ ᠠᠴᠠ ᠭᠠᠳᠠᠨ᠎ᠠ᠂ ᠨᠣᠮ ᠤᠩᠰᠢᠬᠤ᠂ ᠺᠢᠨᠣ᠋ ᠦᠵᠡᠬᠦ᠂ ᠬᠤᠳᠠᠯᠳᠤᠭᠠᠨ ᠤ ᠬᠡᠲᠦ ᠳᠡᠯᠭᠡᠭᠦᠷ᠂ ᠬᠡᠦᠬᠡᠳ ᠤᠨ ᠰᠤᠷᠭᠠᠨ ᠬᠥᠮᠦᠵᠢᠯ ᠵᠡᠷᠭᠡ ᠬᠤᠲᠠ ᠶᠢᠨ ᠠᠷᠠᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠣᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠨᠠᠷᠠᠲᠤ ᠲᠡᠮᠳᠡᠭ ᠴᠦ ᠪᠦᠷᠢᠨ ᠪᠠᠶᠢᠨ᠎ᠠ᠃
    ᠣᠶᠢᠷ᠎ᠠ ᠶᠢᠨ ᠵᠢᠯ ᠳᠤ᠂ ᠰᠠᠶᠢᠬᠠᠨ ᠲᠣᠭᠤᠷᠢᠭ ︽ᠣᠷᠣᠨ ᠪᠦᠰᠡ ᠶᠢᠨ ᠤᠳᠤ ᠦᠶ᠎ᠡ ᠶᠢᠨ ᠬᠡᠷᠡᠭᠯᠡᠭᠡᠨ ᠤ ᠲᠥᠪ︾ ᠢ ᠪᠠᠶᠢᠭᠤᠯᠵᠤ᠂ ᠮᠣᠯ ᠬᠤᠳᠠ᠂ ᠳ᠋ᠦᠩ ᠸᠠᠨ ᠳ᠋ᠠ ᠲᠣᠮᠣ ᠬᠡᠯᠪᠡᠷᠢ ᠶᠢᠨ ᠬᠤᠳᠠᠯᠳᠤᠭᠠᠨ ᠤ ᠲᠣᠭᠤᠷᠢᠭ ᠪᠣᠯᠣᠨ ᠭᠤᠣᠯᠳᠠᠯᠭ᠎ᠠ ᠲᠠᠢ ᠵᠡᠭᠡᠯᠢ ᠲᠣᠭᠤᠷᠢᠭ ᠤᠨ ᠲᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠬᠡᠯᠪᠡᠷᠢ ᠶᠢᠨ ᠬᠡᠷᠡᠭᠯᠡᠭᠡ ᠶᠢ ᠲᠠᠰᠤᠷᠠᠯᠳᠡ ᠦᠭᠡᠢ ᠪᠣᠶᠢᠵᠢᠭᠤᠯᠤᠨ ᠪᠤᠵᠠᠭᠠᠶᠢᠷᠠᠭᠤᠯᠵᠤ᠂ ᠳᠡᠭᠡᠳᠦ ᠲᠡᠰ ᠤᠨ ᠤᠳᠤ ᠦᠶ᠎ᠡ ᠶᠢᠨ ᠬᠤᠳᠠᠯᠳᠤᠭᠠᠨ ᠤ ᠲᠥᠪ ᠢ ᠪᠠᠶᠢᠭᠤᠯᠵᠤ᠂ ᠬᠤᠳᠠᠯᠳᠤᠭᠠᠴᠢᠨ ᠤᠷᠢᠵᠤ᠂ ᠬᠤᠳᠠᠯᠳᠤᠭᠠᠴᠢᠨ  ᠢᠶᠠᠨ ᠬᠠᠶᠢᠷᠠᠯᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠬᠤᠳᠠᠯᠳᠤᠭᠠᠴᠢᠨ ᠢ ᠦᠯᠡᠳᠡᠭᠡᠵᠦ᠂ ᠨᠢᠭᠡ ᠪᠦᠯᠦᠭ ᠰᠢᠯᠢᠳᠡᠭ ᠠᠵᠤ ᠠᠬᠤᠶᠢᠯᠠᠯ ᠢ ᠲᠠᠲᠠᠵᠤ᠂ ᠰᠠᠶᠢᠬᠠᠨ ᠬᠠᠨ ᠳᠤ ᠦᠨᠳᠦᠰᠦᠯᠡᠵᠦ᠂ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠠᠵᠢᠯ ᠣᠯᠭᠤᠯᠲᠠ ᠶᠢ ᠲᠠᠶᠢᠴᠢᠯᠠᠵᠠᠢ᠃ ᠣᠶᠤᠨᠲᠤ ᠠᠮᠢᠳᠤᠷᠠᠯ MALL ᠠᠵᠢᠯ ᠡᠬᠢᠯᠡᠭᠰᠡᠨ ᠨᠢ ᠲᠥᠪ ᠤᠨ ᠵᠡᠭᠦᠨ‌‍ᠬᠡᠰᠡᠭ ᠤᠨ ᠳᠡᠭᠡᠳᠦ ᠲᠡᠰ ᠤᠨ ᠣᠶᠤᠨᠲᠤ ᠬᠤᠳᠠᠯᠳᠤᠭᠠᠨ ᠤ ᠬᠤᠭᠤᠰᠤᠨ ᠢ ᠨᠥᠬᠦᠪᠦᠷᠢᠯᠡᠭᠰᠡᠨ ᠢᠶᠠᠷ ᠪᠠᠷᠠᠬᠤ ᠦᠭᠡᠢ ᠨᠡᠩ ᠥᠨᠳᠥᠷ ᠲᠦᠪᠰᠢᠨ ᠢᠶᠠᠷ ᠬᠤᠳᠠᠯᠳᠤᠭᠠᠨ ᠤ ᠬᠡᠷᠡᠭᠯᠡᠭᠡᠨ ᠤ ᠣᠷᠣᠨ ᠵᠠᠢ ᠶᠢᠨ ᠰᠢᠨ᠎ᠡ ᠪᠠᠶᠢᠷᠢᠰᠢᠯ ᠢ ᠨᠡᠭᠡᠭᠡᠵᠦ᠂ ᠬᠤᠳᠠ ᠶᠢᠨ ᠬᠡᠷᠡᠭᠯᠡᠭᠡᠨ ᠤ ᠲᠦᠪᠰᠢᠨ ᠢ ᠤᠯᠠᠨ ᠲᠠᠯ᠎ᠠ ᠠᠴᠠ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠤᠳᠠ ᠶᠢᠨ ᠴᠢᠳᠠᠪᠬᠢ ᠶᠢ ᠰᠢᠨ᠎ᠡ ᠪᠠᠷ ᠲᠡᠰ ᠳᠡᠪᠰᠢᠭᠦᠯᠬᠦ ᠳᠤ ᠬᠦᠴᠦᠨ ᠨᠡᠮᠡᠷᠢᠯᠡᠨ᠎ᠡ᠃
    ︽ᠣᠶᠤᠨᠲᠤ ᠠᠮᠢᠳᠤᠷᠠᠯ MALL ᠨᠢ ᠲᠥᠪ ᠤᠨ ᠵᠡᠭᠦᠨ ᠬᠡᠰᠡᠭ ᠤᠨ ᠬᠤᠳᠠ ᠶᠢᠨ ᠬᠤᠳᠠᠯᠳᠤᠭᠠᠨ ᠤ ᠰᠢᠨ᠎ᠡ ᠭᠠᠵᠠᠷ ᠤᠨ ᠲᠡᠮᠳᠡᠭ ᠪᠣᠯᠤᠭᠰᠠᠨ ᠤ ᠬᠤᠪᠢ ᠳᠤ᠂ ᠬᠦᠬᠡᠬᠤᠲᠠ ᠶᠢᠨ ᠬᠡᠷᠡᠭᠯᠡᠭᠡᠨ ᠤ ᠴᠢᠨᠠᠷ ᠴᠢᠨᠰᠠᠭ᠎ᠠ ᠪᠣᠯᠣᠨ ᠲᠡᠰ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠰᠠᠶᠢᠬᠠᠨ ᠲᠣᠭᠤᠷᠢᠭ ᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠳᠬᠤᠭᠰᠠᠨ ᠤ ᠪᠠᠰᠠ ᠨᠢᠭᠡᠨ ᠦᠷ᠎ᠡ ᠪᠦᠲᠦᠭᠡᠯ ᠤᠨ ᠢᠯᠡᠷᠡᠯ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠵᠶ᠋ᠠᠨ‌ᠦᠷᠭᠦᠯᠵᠢᠯᠡᠨ‌‍ᠰᠢᠯᠢᠳᠡᠭᠵᠢᠭᠦᠯᠵᠦ᠂ ᠬᠤᠳᠠ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠢᠳᠡᠪᠬᠢᠲᠡᠢ ᠳᠡᠭᠡᠭᠰᠢᠯᠡᠭᠦᠯᠵᠦ᠂ ᠤᠯᠠᠨ ᠲᠡᠰ ᠳᠠᠪᠬᠤᠷᠭ᠎ᠠ ᠶᠢᠨ ᠬᠤᠳᠠ ᠶᠢᠨ ᠬᠤᠳᠠᠯᠳᠤᠭᠠᠨ ᠤ ᠰᠢᠰᠲ᠋ᠥᠮ ᠤᠨ ᠴᠢᠳᠠᠪᠬᠢ ᠶᠢ ᠪᠠᠶᠢᠭᠤᠯᠵᠤ᠂  ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠰᠠᠶᠢᠬᠠᠨ ᠲᠣᠭᠤᠷᠢᠭ ᠤᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠵᠢᠶᠠ ᠸᠧᠢ ᠰᠤᠷᠪᠤᠯᠵᠢᠯᠠᠭᠴᠢ ᠳᠤ ᠲᠠᠨᠢᠯᠴᠠᠭᠤᠯᠪᠠ᠃            ᠲᠣᠭᠤᠷᠢᠭ ‍ᠤᠨ‌ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶᠣᠣ ᠶᠠᠨ ᠬᠤᠩ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠢᠶᠣᠣ ᠷᠦᠢ ᠾᠧ ᠵᠡᠷᠭᠡ ᠤᠳᠤᠷᠢᠳᠤᠯᠭ᠎ᠠ ᠵᠢᠴᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号