| | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ | ᠭᠦᠭᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠣᠳᠣᠬᠠᠨ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ ᠨᠢᠭᠡᠨᠲᠡ 49.24 ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠪᠡᠯᠡ ᠮᠥᠩᠭᠦ | ᠪᠠᠭᠤᠯᠭᠠᠪᠠ᠃ | | | ᠡᠭᠦᠨ ᠳᠤ᠂ ᠭᠦᠭᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠠᠲᠤᠯᠠᠬᠤ ᠬᠥᠷᠥᠩᠭᠡ ᠮᠥᠩᠭᠦ ᠶᠢ 42.8 ᠳ᠋ᠦᠩᠰᠢᠭᠤᠷ ᠲᠥᠭᠦᠷᠢᠭ ᠪᠠᠭᠤᠯᠭᠠᠵᠤ᠂ | ᠠᠶᠠᠨᠴᠢᠳ ᠤᠨ ᠬᠤᠨᠣᠬᠤ ᠭᠡᠷ᠂ ᠲᠡᠷᠭᠡᠨ ᠵᠣᠭᠰᠣᠭᠠᠯ ᠤᠨ ᠠᠰᠠᠷ᠂ ᠭᠤᠣᠯ ᠪᠤᠰᠤ ᠰᠠᠭᠤᠷᠢᠨ ᠤ ᠠᠭᠠᠷ ᠤᠨ | ᠠᠶᠠᠯᠠᠯ ᠤᠨ ᠭᠡᠷ ᠪᠠᠶᠢᠰᠢᠩ ᠪᠣᠯᠣᠨ ᠠᠭᠠᠷ ᠤᠨ ᠠᠶᠠᠯᠠᠯ ᠤᠨ ᠥᠷᠲᠡᠭᠡᠨ ᠤ ᠲᠣᠭᠤᠷᠢᠭ ᠤᠨ ᠢᠵᠢ ᠪᠦᠷᠢᠳᠦᠭᠦᠯᠬᠦ | ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ 2.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ | ᠠᠶᠠᠯᠠᠯ ᠤᠨ ᠥᠷᠲᠡᠭᠡᠨ ᠤ ᠠᠰᠠᠷ ᠤᠨ ᠵᠢᠯᠤᠭᠤᠳᠬᠤ ᠬᠤᠩᠭᠢᠯ ᠤᠨ ᠪᠦᠲᠦᠭᠡᠨ ᠪᠠᠶᠢᠭᠤᠯᠤᠯᠲᠠ ᠪᠠ | ᠶᠡᠷᠦᠩᠬᠡᠶᠢᠯᠡᠭᠰᠡᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ 4. | 24 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠪᠠ᠃ | | | ᠭᠦᠭᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠪᠤᠯᠬᠤ ᠪᠥᠭᠡᠳ ᠪᠠᠰᠠ ᠴᠤ ᠥᠪᠡᠷᠲᠡᠭᠡᠨ ᠵᠠᠰᠠᠬᠤ | ᠣᠷᠣᠨ ᠪᠠ ᠭᠦᠭᠡᠬᠤᠲᠠ ᠶᠢᠨ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠤᠨ ᠲᠥᠷᠥᠯ ᠵᠦᠢᠯ ᠪᠠᠶᠢᠵᠤ᠂ 2020 | ᠣᠨ ᠤ 7 ᠰᠠᠷ᠎ᠠ ᠶᠢᠨ 30 ᠤ ᠡᠳᠦᠷ ᠠᠴᠠ ᠵᠢᠩᠬᠢᠨᠢ ᠪᠠᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ ᠪᠠᠶᠢᠨ᠎ᠠ᠃ | ᠰᠢᠨ᠎ᠡ ᠨᠢᠰᠬᠡᠯ ᠤᠨ ᠪᠠᠭᠤᠳᠠᠯ ᠨᠢ ᠭᠦᠭᠡᠬᠤᠲᠠ ᠶᠢᠨ ᠬᠤᠷᠢᠨᠭᠡᠷ ᠰᠢᠶᠠᠨ ᠤ ᠴᠣᠷᠵᠢ ᠠᠶᠢᠯ ᠰᠢᠶᠠᠩ ᠤᠨ | ᠣᠶᠢᠷᠠᠯᠴᠠᠭ᠎ᠠ ᠪᠠᠶᠢᠷᠢᠯᠠᠵᠤ ᠪᠠᠶᠢᠨ᠎ᠠ᠃ ᠰᠢᠨ᠎ᠡ ᠨᠢᠰᠬᠡᠯ ᠤᠨ ᠪᠠᠭᠤᠳᠠᠯ ᠠᠰᠢᠭᠯᠠᠯᠲᠠ ᠳᠤ ᠣᠷᠣᠭᠰᠠᠨ ᠤ ᠳᠠᠷᠠᠭ᠎ᠠ᠂ | ᠪᠡᠭᠡᠵᠢᠩ ᠲᠢᠶᠠᠨᠵᠢᠨ ᠾᠧᠪᠧᠢ ᠶᠢᠨ ᠨᠢᠰᠬᠡᠯ ᠤᠨ ᠪᠠᠭᠤᠳᠠᠯ ᠤᠨ ᠰᠦᠷᠦᠭᠵᠢᠯ ᠤᠨ ᠭᠤᠣᠯ ᠪᠡᠯᠡᠳᠬᠡᠯ ᠨᠢᠰᠬᠡᠯ ᠤᠨ | ᠪᠠᠭᠤᠳᠠᠯ ᠪᠤᠯᠬᠤ ᠪᠣᠯᠣᠨ᠎ᠠ᠃ ᠨᠢᠭᠡᠳᠦᠭᠡᠷ ᠲᠥᠷᠥᠯ ᠤᠨ ᠠᠭᠠᠷ ᠤᠨ ᠠᠶᠠᠯᠠᠯ ᠤᠨ ᠪᠣᠭᠤᠮᠲᠠ ᠪᠣᠯᠤᠭᠰᠠᠨ ᠤ | ᠬᠤᠪᠢ ᠳᠤ᠂ ᠭᠦᠭᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢᠷᠡᠭᠡᠳᠦᠢ ᠳᠤ ︽ᠨᠢᠭᠡ ᠪᠦᠰᠡ ᠨᠢᠭᠡ ᠵᠠᠮ︾ ᠤᠨ | ᠴᠢᠬᠤᠯᠠ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠡᠭ ᠪᠣᠯᠵᠤ᠂ ᠮᠠᠨ ᠤ ᠤᠯᠤᠰ ᠪᠣᠯᠣᠨ ᠮᠣᠩᠭᠤᠯ ᠤᠯᠤᠰ᠂ ᠣᠷᠣᠰ | ᠵᠡᠷᠭᠡ ᠤᠯᠤᠰ ᠪᠠ ᠭᠠᠵᠠᠷ ᠣᠷᠣᠨ ᠢ ᠬᠤᠯᠪᠣᠭᠰᠠᠨ ᠴᠢᠬᠤᠯᠠ ᠠᠭᠠᠷ ᠤᠨ ᠠᠶᠠᠯᠠᠯ ᠤᠨ ᠬᠦᠢᠰᠦ ᠪᠤᠯᠬᠤ ᠪᠣᠯᠣᠨ᠎ᠠ᠃ |