ᠰᠠᠶᠢᠬᠠᠨ ᠲᠣᠭᠤᠷᠢᠭ᠄  ᠡᠪᠦᠯ ᠤᠨ ᠬᠦᠢᠲᠡᠨ ᠳᠤ ᠬᠠᠶᠢᠷ᠎ᠠ ᠬᠠᠯᠠᠮᠵᠢ ᠬᠦᠷᠭᠡᠵᠦ ᠠᠷᠠᠳ ᠤᠨ ᠰᠡᠳᠬᠢᠯ  ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/1/5
     ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠭᠤᠭᠠᠯᠢ ᠠᠷᠠᠳ ᠢ ᠬᠠᠯᠠᠮᠵᠢᠯᠠᠨ ᠬᠠᠶᠢᠷᠠᠯᠠᠬᠤ᠂ ᠰᠠᠭᠤᠭᠠᠯᠢ ᠠᠷᠠᠳ ᠲᠤ ᠦᠢᠯᠡᠴᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠬᠦ ᠶᠢᠨ ᠲᠥᠯᠥᠭᠡ᠂ ᠣᠶᠢᠷ᠎ᠠ ᠳᠤ᠂ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠰᠢᠨ᠎ᠡ ᠪᠠᠷ ᠪᠠᠶᠢᠭᠤᠯᠤᠭᠰᠠᠨ ᠵᠡᠭᠦᠨ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠬᠢᠨ ︽ᠡᠪᠦᠯ ᠤᠨ ᠡᠳᠦᠷ ᠲᠤ ᠬᠠᠶᠢᠷ᠎ᠠ ᠬᠠᠯᠠᠮᠵᠢ ᠬᠦᠷᠭᠡᠵᠦ᠂ ᠬᠥᠮᠥᠰ ᠤᠨ ᠰᠡᠳᠬᠢᠯ ᠢ ᠬᠠᠯᠠᠮᠵᠢᠯᠠᠨ ᠳᠤᠯᠠᠭᠠᠴᠠᠭᠤᠯᠬᠤ︾ ᠭᠤᠣᠯ ᠰᠡᠳᠦᠪᠲᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠬᠦᠵᠦᠭᠦᠨ ᠤ ᠣᠷᠢᠶᠠᠯᠲᠠ᠂ ᠪᠡᠭᠡᠯᠡᠢ᠂ ᠪᠠᠩᠰᠢ ᠵᠡᠷᠭᠡ ᠬᠦᠢᠲᠡᠨ ᠠᠴᠠ ᠬᠠᠮᠠᠭᠠᠯᠠᠬᠤ ᠡᠳ᠋ ᠪᠣᠳᠠᠰ ᠢᠶᠠᠨ ᠠᠪᠴᠤ᠂ ᠬᠠᠷᠢᠶᠠᠲᠤ ᠣᠷᠣᠨ ᠤ ᠪᠠᠨ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠢ ᠰᠠᠭᠤᠭᠠᠯᠢ ᠠᠷᠠᠳ᠂ ᠭᠠᠭᠴᠠᠭᠠᠷ ᠰᠠᠭᠤᠭ᠎ᠠ ᠨᠠᠰᠤᠲᠠᠨ ᠵᠢᠴᠢ ᠰᠠᠭᠤᠭᠠᠯᠢ ᠠᠷᠠᠳ ᠤᠨ ᠲᠣᠭᠤᠷᠢᠭ ᠤᠨ ᠡᠭᠦᠳᠡᠨ ᠭᠡᠷ ᠤᠨ ᠬᠥᠮᠥᠰ᠂ ᠠᠳᠠᠯ ᠠᠬᠤᠢ ᠶᠢᠨ ᠠᠵᠢᠯᠲᠠᠨ ᠤ ᠭᠡᠷ ᠲᠤ ᠬᠦᠷᠴᠦ᠂ ᠡᠪᠦᠯ ᠤᠨ ᠡᠳᠦᠷ ᠤᠨ ᠮᠡᠨᠳᠦᠴᠢᠯᠡᠯ ᠪᠠ ᠬᠠᠯᠠᠭᠤᠨ ᠳᠤᠯᠠᠭᠠᠨ ᠢᠶᠠᠨ ᠳᠡᠪᠰᠢᠭᠦᠯᠪᠡ᠃ ᠡᠷᠦᠬᠡ ᠪᠦᠷᠢ ᠳᠤ ᠨᠡᠶᠢᠭᠡᠮ ᠲᠣᠭᠤᠷᠢᠭ ᠤᠨ ᠠᠵᠢᠯᠲᠠᠨ ᠪᠣᠯᠣᠨ ᠰᠠᠶᠢᠨ ᠳᠤᠷ᠎ᠠ ᠶᠢᠨ ᠦᠢᠯᠡᠴᠢᠯᠡᠭᠴᠢᠳ ᠪᠦᠷ ᠰᠤᠷᠪᠤᠯᠵᠢᠯᠠᠭᠳᠠᠬᠤ ᠡᠲᠡᠭᠡᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ᠂ ᠭᠡᠷ ᠪᠦᠯᠢ ᠶᠢᠨ ᠪᠠᠶᠢᠳᠠᠯ ᠢ ᠬᠦᠯᠢᠴᠡᠩᠭᠦᠢ ᠪᠠᠷ ᠠᠰᠠᠭᠤᠨ ᠯᠠᠪᠯᠠᠵᠤ᠂ ᠲᠡᠳᠡᠨ ᠤ ᠠᠮᠢᠳᠤᠷᠠᠯ ᠤᠨ ᠲᠠᠯ᠎ᠠ ᠪᠠᠷ ᠬᠢ ᠬᠦᠴᠢᠷᠳᠡᠯ ᠢ ᠨᠠᠷᠢᠨ ᠬᠢᠨᠠᠮᠠᠭᠠᠢ ᠰᠣᠨᠣᠰᠴᠤ᠂ ᠬᠤᠵᠢᠮ ᠶᠠᠮᠠᠷ ᠬᠡᠷᠡᠭᠴᠡᠭᠡ ᠲᠠᠢ ᠪᠣᠯ ᠴᠠᠭ ᠲᠤᠬᠠᠢ ᠳᠤᠨᠢ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠷᠢᠯᠴᠠᠵᠤ ᠪᠣᠯᠬᠤ ᠶᠢ ᠲᠡᠳᠡᠨ ᠳᠤ ᠮᠡᠳᠡᠭᠳᠡᠵᠦ᠂ ᠨᠡᠶᠢᠭᠡᠮ ᠲᠣᠭᠤᠷᠢᠭ ᠠᠴᠠ ᠲᠡᠳᠡᠨ ᠳᠤ ᠬᠠᠪᠰᠤᠷᠤᠯᠭ᠎ᠠ ᠦᠵᠡᠭᠦᠯᠬᠦ ᠶᠢᠨ ᠬᠠᠮᠲᠤ ᠲᠡᠳᠡᠨ ᠢ ᠰᠡᠳᠬᠢᠯ ᠰᠠᠨᠠᠭ᠎ᠠ ᠪᠠᠨ ᠰᠠᠶᠢᠨ ᠪᠠᠶᠢᠯᠭᠠᠵᠤ᠂ ᠠᠮᠢᠳᠤᠷᠠᠯ ᠳᠤ ᠢᠳᠡᠪᠬᠢᠲᠡᠢ ᠪᠠᠶᠠᠰᠤᠩᠭᠤᠢ ᠬᠠᠨᠳᠤᠬᠤ ᠶᠢ ᠵᠣᠷᠢᠭᠵᠢᠭᠤᠯᠬᠤ ᠶᠢᠨ ᠬᠠᠮᠲᠤ ᠲᠡᠳᠡᠨ ᠳᠤ ᠪᠡᠯᠡᠳᠬᠡᠭᠰᠡᠨ ᠬᠦᠵᠦᠭᠦᠨ ᠤ ᠣᠷᠢᠶᠠᠯᠲᠠ ᠪᠠ ᠪᠠᠩᠰᠢ ᠬᠦᠷᠭᠡᠵᠦ ᠥᠭᠭᠦᠨ᠎ᠡ᠃            ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠣᠯᠠᠨ ᠳᠤ ᠦᠨᠡᠨ ᠬᠦ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠦᠨᠳᠦᠰᠦᠨ ᠱᠠᠲᠤᠨ ᠤ ᠨᠠᠮ ᠤᠨ ᠶᠡᠷᠦᠩᠬᠡᠢ ᠡᠭᠦᠷ ᠬᠢᠭᠡᠳ ᠬᠠᠷᠢᠶᠠᠲᠤ ᠣᠷᠣᠨ ᠤ ᠰᠠᠭᠤᠭᠠᠯᠢ ᠠᠷᠠᠳ᠂ ᠠᠳᠠᠯ ᠠᠬᠤᠢ ᠶᠢᠨ ᠠᠵᠤ ᠠᠬᠤᠶᠢᠯᠠᠯ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号