| ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠠᠰᠠᠭᠤᠳᠠᠯ ᠤᠨ ᠲᠤᠬᠠᠢ ᠵᠦᠢ ᠵᠣᠬᠢᠰᠲᠠᠢ | ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠢᠯᠴᠢ | ᠬᠠᠩᠭᠠᠬᠤ ᠪᠠᠲᠤᠯᠠᠭ᠎ᠠ ᠶᠢᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠢᠯᠴᠢ | ᠬᠠᠩᠭᠠᠬᠤ ᠶᠠᠪᠤᠴᠠ ᠳᠤ ᠢᠯᠡᠷᠡᠭᠰᠡᠨ ᠭᠡᠨᠡᠳᠲᠡ ᠶᠢᠨ ᠬᠡᠷᠡᠭ ᠢ ᠲᠦᠷᠭᠡᠨ ᠪᠥᠭᠡᠳ ᠥᠨᠳᠥᠷ ᠦᠷ᠎ᠡ | ᠪᠦᠲᠦᠮᠵᠢᠲᠡᠶ ᠪᠠᠷ ᠰᠢᠢᠳᠪᠦᠷᠢᠯᠡᠵᠦ᠂ ᠢᠯᠴᠢ ᠬᠠᠩᠭᠠᠬᠤ ᠰᠢᠰᠲ᠋ᠧᠮ ᠤᠨ ᠬᠡᠪ ᠤᠨ ᠶᠣᠰᠣᠭᠠᠷ ᠠᠵᠢᠯᠯᠠᠬᠤ ᠪᠠ | ᠰᠠᠭᠤᠭᠠᠯᠢ ᠠᠷᠠᠳᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢᠨ ᠲᠤᠰᠠᠳᠠ ᠡᠳᠦᠭᠡ ᠮᠠᠨ ᠤ | ᠲᠣᠭᠤᠷᠢᠭ ᠬᠦᠢᠲᠡᠨ ᠠᠭᠤᠷ ᠠᠮᠢᠰᠬᠤᠯ ᠢ ᠠᠷᠭᠠᠴᠠᠬᠤ ᠳᠤᠯᠠᠭᠠᠯᠠᠭ᠎ᠠ ᠶᠢᠨ ᠪᠠᠲᠤᠯᠠᠭ᠎ᠠ ᠶᠢᠨ ᠬᠠᠷᠢᠯᠴᠠᠬᠤ ᠤᠲᠠᠰᠤ ᠶᠢ | ᠨᠡᠶᠢᠲᠡᠯᠡᠪᠡ᠃ ᠬᠡᠷᠪᠡ ᠳᠤᠯᠠᠭᠠᠯᠭ᠎ᠠ ᠶᠢᠨ ᠠᠰᠠᠭᠤᠳᠠᠯ ᠲᠣᠬᠢᠶᠠᠯᠳᠤᠪᠠᠯ᠂ ᠥᠷᠭᠡᠨ ᠣᠯᠠᠨ ᠰᠠᠭᠤᠭᠠᠯᠢ ᠠᠷᠠᠳ ᠴᠠᠭ | ᠲᠤᠬᠠᠢ ᠳᠤᠨᠢ ᠬᠠᠷᠢᠶ᠎ᠠ ᠭᠠᠵᠠᠷ ᠤᠨ ᠪᠠᠯᠭᠠᠰᠤ ︵ᠵᠡᠭᠡᠯᠢ ᠭᠤᠳᠤᠮᠵᠢ︶᠂ ᠲᠣᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠳᠤᠯᠠᠭᠠᠯᠭ᠎ᠠ ᠶᠢᠨ ᠠᠵᠤ ᠠᠬᠤᠶᠢᠯᠠᠯ ᠤᠨ | ᠥᠷᠲᠡᠭᠡᠨ ᠤ ᠳᠠᠷᠤᠭ᠎ᠠ ᠲᠠᠢ ᠬᠠᠷᠢᠯᠴᠠᠵᠤ᠂ ᠪᠢᠳᠡ ᠴᠠᠭ ᠲᠤᠬᠠᠢ ᠳᠤᠨᠢ ᠲᠠᠨ ᠳᠤ ᠳᠤᠯᠠᠭᠠᠯᠭ᠎ᠠ ᠶᠢᠨ ᠠᠰᠠᠭᠤᠳᠠᠯ ᠢ | ᠰᠢᠢᠳᠪᠦᠷᠢᠯᠡᠵᠦ ᠥᠭᠭᠦᠨ᠎ᠡ᠃ | | | | | | | | | ᠢᠷᠡᠯᠲᠡ/ᠰᠠᠶᠢᠬᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |