ᠰᠠᠶᠢᠬᠠᠨ ᠲᠣᠭᠤᠷᠢᠭ᠄  ᠦᠵᠡᠰᠬᠦᠯᠡᠩ ᠰᠠᠶᠢᠬᠠᠨ ᠠᠵᠦ ᠠᠬᠤᠢ ᠶᠢ ᠴᠣᠭᠴᠠᠯᠠᠨ ᠪᠠᠶᠢᠭᠤᠯᠠᠨ᠎ᠠ
ᠨᠡᠶᠢᠲᠡᠯᠡᠭᠰᠡᠨ ᠴᠠᠭ᠄
2024/1/8
     ᠰᠠᠶᠢᠬᠠᠨ ᠲᠣᠭᠤᠷᠢᠭ ᠤᠨ ᠶᠢᠨ ᠾᠧ ᠪᠠᠯᠭᠠᠰᠤ ᠶᠢᠨ ᠴᠢᠶᠠᠨ ᠪᠠᠢ ᠮᠢᠶᠣᠣ ᠲᠣᠰᠬᠤᠨ ᠰᠠᠶᠢᠬᠠᠨ ᠲᠣᠭᠤᠷᠢᠭ ᠤᠨ ᠬᠤᠳᠠ ᠶᠢᠨ ᠰᠢᠳᠡᠯᠲᠡ ᠶᠢᠨ ᠵᠢᠱᠢᠶ᠎ᠡ ᠦᠵᠡᠭᠦᠯᠬᠦ ᠴᠢᠨᠠᠷᠲᠠᠢ ᠬᠦᠯᠡᠮᠵᠢ ᠶᠢᠨ ᠴᠡᠴᠡᠭ ᠬᠤᠸᠠᠷ ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠬᠦᠯᠡᠮᠵᠢ ᠳᠤ ᠣᠷᠣᠬᠤ ᠳᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠦᠵᠡᠮᠵᠢ ᠨᠢ ᠭᠡᠷ ᠤᠨ ᠭᠠᠳᠠᠨᠠᠬᠢ ᠴᠠᠰᠤ ᠮᠥᠰᠥᠲᠦ ᠭᠠᠵᠠᠷ ᠲᠠᠢ ᠢᠯᠡ ᠲᠣᠳᠣ ᠬᠠᠷᠢᠴᠠᠭᠤᠯᠤᠯ ᠪᠣᠯᠵᠠᠢ᠃            2023 ᠣᠨ ᠤ 10 ᠰᠠᠷ᠎ᠠ ᠳᠤ᠂ ᠰᠠᠶᠢᠬᠠᠨ ᠲᠣᠭᠤᠷᠢᠭ ᠤᠨ ᠬᠤᠳᠠ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠶᠢᠨ ᠡᡁᠸ ᠪᠠᠯᠭᠠᠰᠤ ᠶᠢᠨ ᠴᠢᠶᠠᠨ ᠪᠠᠢ ᠮᠢᠶᠣᠣ ᠲᠣᠰᠬᠤᠨ ᠠᠴᠠ 6 ᠲᠣᠮᠣ ᠬᠦᠯᠡᠮᠵᠢ ᠶᠢ ᠲᠦᠷᠢᠶᠡᠰᠦᠯᠡᠵᠦ ᠬᠦᠯᠡᠮᠵᠢ ᠶᠢᠨ ᠬᠤᠸᠠᠷ ᠴᠡᠴᠡᠭ ᠢ ᠪᠣᠶᠢᠵᠢᠭᠤᠯᠬᠤ ᠳᠤ ᠬᠡᠷᠡᠭᠯᠡᠪᠡ᠂ ᠡᠭᠦᠨ ᠳᠤ ᠭᠤᠣᠯᠳᠠᠭᠤ ᠬᠤᠸᠠᠷ ᠴᠡᠴᠡᠭ ᠪᠣᠯᠣᠨ ᠰᠣᠷᠭᠤᠭ ᠴᠡᠴᠡᠭ ᠵᠢᠴᠢ ᠴᠡᠴᠡᠭ ᠤᠨ ᠣᠷᠴᠢᠨ ᠤ ᠴᠢᠬᠢ ᠮᠣᠳᠣ ᠶᠢ ᠪᠣᠶᠢᠵᠢᠭᠤᠯᠬᠤ ᠶᠢ ᠪᠠᠭᠲᠠᠭᠠᠵᠤ᠂ ᠣᠳᠣᠬᠠᠨ ᠳᠤ ᠨᠢᠭᠡᠨᠲᠡ 1 ᠲᠦᠮᠡᠨ ᠰᠠᠭᠤᠷᠢ ᠨᠡᠷᠡᠨ ᠬᠤᠸᠠᠷ᠂ 6000 ᠰᠠᠭᠤᠷᠢ ᠰᠠᠷᠠᠨ᠎ᠠ᠂ 24000 ᠰᠠᠭᠤᠷᠢ ᠠᠯᠲᠠᠨ ᠵᠤᠯᠠ ᠴᠡᠴᠡᠭ ᠢ ᠦᠷᠡᠵᠢᠭᠦᠯᠦᠨ ᠪᠣᠶᠢᠵᠢᠭᠤᠯᠵᠤ᠂ 5000 ᠲᠡᠭᠰᠢ ᠳᠥᠷᠪᠡᠯᠵᠢᠨ ᠮᠧᠲᠷ ᠤᠨ ᠴᠡᠴᠡᠭ ᠤᠨ ᠣᠷᠴᠢᠨ ᠤ ᠴᠢᠬᠢ ᠮᠣᠳᠣ ᠶᠢ ᠳᠠᠷᠢᠵᠠᠢ᠃
     ︽ᠣᠶᠢᠷ᠎ᠠ ᠶᠢᠨ ᠵᠢᠯ ᠲᠤ ᠬᠤᠲᠠ ᠶᠢᠨ ᠨᠣᠭᠤᠭᠠᠷᠠᠭᠤᠯᠤᠯᠲᠠ ᠶᠢᠨ ᠴᠢᠨᠠᠷ ᠴᠢᠨᠰᠠᠭ᠎ᠠ ᠶᠢᠨ ᠲᠠᠯ᠎ᠠ ᠪᠠᠷ ᠬᠢ ᠱᠠᠭᠠᠷᠳᠠᠯᠭ᠎ᠠ ᠥᠨᠳᠥᠷ ᠪᠣᠯᠵᠤ᠂  ᠴᠡᠴᠡᠭ ᠤᠨ ᠰᠢᠯ ᠤᠨ ᠴᠢᠬᠢ ᠶᠢᠨ ᠬᠡᠷᠡᠭᠴᠡᠭᠡ ᠴᠦ ᠤᠯᠠᠮ ᠠᠴᠠ ᠤᠯᠠᠮ ᠶᠡᠭᠡ ᠪᠣᠯᠵᠤ ᠪᠠᠶᠢᠨ᠎ᠠ᠃ ᠥᠩᠭᠡᠷᠡᠭᠰᠡᠨ ᠳᠤ ᠪᠢᠳᠡᠨ ᠤ ᠬᠡᠷᠡᠭᠯᠡᠵᠦ ᠪᠠᠶᠢᠭᠰᠠᠨ ᠴᠡᠴᠡᠭ ᠤᠨ ᠣᠷᠴᠢᠨ ᠤ ᠴᠢᠬᠢ ᠶᠢᠨ ᠢᠷᠡᠯᠲᠡ ᠴᠥᠮ ᠭᠠᠳᠠᠷ ᠣᠷᠣᠨ ᠠᠴᠠ ᠬᠤᠳᠠᠯᠳᠤᠨ ᠠᠪᠴᠤ ᠪᠠᠶᠢᠭᠰᠠᠨ᠂ ᠳᠤᠲᠠᠭᠳᠠᠯ ᠲᠠᠢ ᠲᠠᠯ᠎ᠠ ᠨᠢ ᠵᠥᠭᠡᠭᠡᠪᠦᠷᠢᠯᠡᠬᠦ ᠵᠠᠢ ᠶᠡᠭᠡ᠂ ᠵᠠᠷᠤᠳᠠᠯ ᠥᠨᠳᠥᠷ ᠪᠠᠶᠢᠪᠠ᠂ ᠡᠨᠡ ᠵᠢᠯ ᠪᠢᠳᠡ ᠬᠡᠷᠢᠶᠡᠨ ᠨᠢᠳᠦ᠂ ᠠᠭᠤᠯᠠᠨ ᠲᠤᠭᠤᠷ ᠤᠨ ᠡᠪᠡᠰᠦ᠂ ᠭᠠᠯ ᠪᠠᠮᠪᠠᠷ᠂ ᠨᠠᠪᠴᠢᠨ ᠲᠠᠮᠠᠬᠢ᠂ ᠺᠠᠷᠹᠥ᠋ ᠽᠢ ᠮᠣᠣ ᠵᠡᠷᠭᠡ 40 ᠭᠠᠷᠤᠢ ᠵᠦᠢᠯ ᠤᠨ ᠰᠢᠨ᠎ᠡ ᠬᠡᠯᠪᠡᠷᠢ ᠶᠢᠨ ᠴᠡᠴᠡᠭ ᠤᠨ ᠣᠷᠴᠢᠨ ᠤ ᠴᠢᠬᠢ ᠶᠢ ᠰᠣᠩᠭᠤᠨ ᠵᠢᠱᠢᠶ᠎ᠡ ᠦᠵᠡᠭᠦᠯᠬᠦ ᠴᠢᠨᠠᠷᠲᠠᠢ ᠲᠠᠷᠢᠵᠦ᠂ ᠰᠠᠶᠢᠬᠠᠨ ᠲᠣᠭᠤᠷᠢᠭ ᠤᠨ ᠤᠭᠤᠲᠠ ᠴᠡᠴᠡᠷᠯᠢᠭ ᠵᠡᠷᠭᠡ ᠴᠡᠴᠡᠭ ᠤᠨ ᠣᠷᠴᠢᠨ ᠤ ᠵᠠᠩᠭᠢᠯᠠᠭ᠎ᠠ ᠶᠢᠨ ᠴᠡᠭ ᠢ ᠡᠭᠦᠳᠦᠨ ᠪᠠᠶᠢᠭᠤᠯᠬᠤ ᠳᠤ ᠬᠡᠷᠡᠭᠯᠡᠵᠡᠢ︾ ᠭᠡᠵᠦ ᠰᠠᠶᠢᠬᠠᠨ‌‍ᠲ᠋ᠣᠭᠤᠷᠢᠭ ᠤᠨ ᠬᠤᠳᠠ ᠶᠢᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠨᠣᠭᠤᠭᠠᠷᠠᠭᠤᠯᠤᠯᠲᠠ ᠶᠢᠨ ᠳᠤᠭᠤᠶᠢᠯᠠᠩ ᠤᠨ ᠲᠦᠷᠦᠯ ᠵᠦᠢᠯ ᠤᠨ ᠬᠠᠷᠢᠭᠤᠴᠠᠯᠭᠠᠲᠠᠨ ᠭᠦᠸᠧ ᠰᠢᠩ ᠬᠤᠸᠠ ᠰᠤᠷᠪᠤᠯᠵᠢᠯᠠᠭᠴᠢ ᠳᠤ ᠲᠠᠨᠢᠯᠴᠠᠭᠤᠯᠪᠠ᠃
     ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠲᠤ ᠪᠣᠶᠢᠵᠢᠭᠤᠯᠤᠭᠰᠠᠨ ᠰᠣᠷᠭᠤᠭ ᠴᠡᠴᠡᠭ ᠨᠢ ᠴᠦ ᠬᠤᠲᠠ  ᠶᠢᠨ ᠠᠷᠠᠳ ᠤᠨ ᠪᠠᠭ᠋ᠠᠷᠬᠠᠯ  ᠢ ᠶᠡᠬᠡᠳᠡ ᠲᠠᠲᠠᠵᠤ ᠪᠠᠶᠢᠨ᠎ᠠ᠃  ᠴᠥᠭᠡᠨ ᠪᠤᠰᠤ ᠬᠤᠲᠠ ᠶᠢᠨ ᠠᠷᠠᠳ ᠰᠠᠭᠤᠷᠢᠨ ᠭᠠᠵᠠᠷ ᠲᠤ ᠢᠷᠡᠵᠦ ᠰᠣᠷᠭᠤᠭ ᠴᠡᠴᠡᠭ᠂ ᠨᠡᠷᠡᠨ ᠬᠤᠸᠠᠷ᠂ ᠬᠡᠯᠡᠭᠡᠢ ᠰᠠᠷᠠᠨ᠎ᠠ᠂ ᠠᠯᠲᠠᠨ ᠵᠤᠯᠠ ᠴᠡᠴᠡᠭ ᠲᠡᠭᠦᠬᠦ ᠪᠠᠷ ᠪᠣᠯᠪᠠ ᠁  ︽ᠡᠨᠡ ᠵᠢᠯ ᠪᠢᠳᠡ ᠠᠷᠪᠠᠨ ᠬᠡᠳᠦᠨ ᠵᠦᠢᠯ ᠤᠨ ᠠᠯᠲᠠᠨ ᠵᠤᠯᠠ ᠴᠡᠴᠡᠭ  ᠢ ᠣᠨᠴᠠᠭᠠᠶᠢᠯᠠᠨ ᠣᠷᠣᠭᠤᠯᠤᠭᠰᠠᠨ ᠶᠤᠮ᠂ ᠡᠨᠡ ᠨᠢ ᠣᠨᠴᠠᠯᠢᠭᠲᠤ ᠵᠢᠱᠢᠶ᠎ᠡ ᠦᠵᠡᠭᠦᠯᠬᠦ ᠴᠢᠨᠠᠷᠲᠠᠢ ᠬᠦᠯᠡᠮᠵᠢ  ᠶᠢᠨ ᠲᠠᠷᠢᠮᠠᠯ ᠤᠨ ᠵᠦᠢᠯ ᠳᠤ ᠲᠣᠭᠠᠴᠠᠭᠳᠠᠨ᠎ᠠ᠂ ᠠᠯᠲᠠᠨ ᠵᠤᠯᠠ ᠴᠡᠴᠡᠭ ᠤᠨ ᠬᠦᠢᠲᠡᠨ  ᠢ ᠳᠠᠭᠠᠭᠠᠬᠤ ᠴᠢᠨᠠᠷ ᠴᠢᠩᠭ᠎ᠠ᠂ ᠮᠠᠨ ᠤ ᠠᠳᠡᠬᠢ ᠠᠭᠤᠷ ᠠᠮᠢᠰᠬᠤᠯ ᠠᠯᠲᠠᠨ ᠵᠤᠯᠠ ᠴᠡᠴᠡᠭ ᠢ ᠦᠷᠡᠵᠢᠭᠦᠯᠦᠨ ᠪᠣᠶᠢᠵᠢᠭᠤᠯᠬᠤ ᠳᠤ ᠰᠠᠶᠢᠬᠠᠨ ᠲᠣᠬᠢᠷᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠡᠭᠡ ᠪᠠᠶᠢᠳᠠᠭ᠂ ᠡᠨᠡ ᠵᠢᠯ ᠤᠨ ᠦᠷᠡᠵᠢᠭᠦᠯᠦᠨ ᠪᠣᠶᠢᠵᠢᠭᠤᠯᠬᠤ ᠦᠷ᠎ᠡ ᠪᠦᠲᠦᠮᠵᠢ ᠬᠡᠷᠪᠡ ᠵᠢᠱᠢᠭᠰᠡᠨ ᠬᠤᠭᠤᠴᠠᠭᠠᠨ ᠳᠠᠭᠠᠨ ᠬᠦᠷᠴᠦ ᠴᠢᠳᠠᠪᠠᠯ᠂ ᠢᠷᠡᠬᠦ ᠵᠢᠯ ᠳᠤ ᠪᠢᠳᠡ ᠦᠷᠡᠵᠢᠭᠦᠯᠦᠨ ᠪᠣᠶᠢᠵᠢᠭᠤᠯᠬᠤ ᠬᠡᠪᠴᠢᠶ᠎ᠡ ᠪᠠᠨ ᠥᠷᠭᠡᠳᠬᠡᠵᠦ᠂ ᠣᠨᠴᠠᠯᠢᠭᠲᠤ ᠠᠵᠤ ᠦᠢᠯᠡᠰ ᠤᠨ ᠵᠦᠢᠯᠡᠰ  ᠢ ᠪᠤᠶ ᠪᠣᠯᠭᠠᠨ᠎ᠠ︾ ᠭᠡᠵᠦ ᠭᠦᠸᠧ ᠰᠢᠩ ᠬᠤᠸᠠ ᠬᠡᠯᠡᠪᠡ᠃
     ᠣᠶᠢᠷ᠎ᠠ ᠶᠢᠨ ᠵᠢᠯ ᠠᠴᠠ᠂ ᠰᠠᠶᠢᠬᠠᠨ ᠲᠣᠭᠤᠷᠢᠭ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠲᠠᠰᠤᠷᠠᠯᠳᠡ ᠦᠭᠡᠢ ᠪᠠᠷᠢᠮᠲᠠᠯᠠᠵᠤ᠂ ᠴᠡᠴᠡᠭ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠᠷ ᠳᠠᠮᠵᠢᠭᠤᠯᠵᠤ᠂ ᠴᠡᠴᠡᠭ ᠡᠪᠡᠰᠦ ᠲᠠᠷᠢᠬᠤ ᠲᠠᠯᠠᠪᠠᠢ ᠶᠢ ᠥᠷᠭᠡᠳᠬᠡᠵᠦ᠂ ᠴᠡᠴᠡᠭ ᠡᠪᠡᠰᠦᠨ ᠤ ᠠᠵᠤ ᠦᠢᠯᠡᠰ ᠤᠨ ᠰᠡᠯᠡᠭᠦᠴᠡᠯ᠂ ᠵᠤᠭᠠᠴᠠᠯ᠂ ᠠᠮᠢ ᠠᠬᠤᠢ ᠶᠢᠨ ᠴᠢᠳᠠᠪᠬᠢ ᠶᠢ ᠠᠭᠤᠳᠠᠯᠵᠤ᠂ ︽ᠦᠵᠡᠰᠬᠦᠯᠡᠩᠲᠦ ᠰᠠᠶᠢᠬᠠᠨ ᠠᠵᠤ ᠠᠬᠤᠢ︾ ᠶᠢ ᠦᠨᠡᠨᠬᠦ ᠣᠷᠣᠨ ᠪᠦᠰᠡ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠰᠢᠨ᠎ᠡ ᠬᠢᠯᠠᠰ ᠴᠡᠭ ᠪᠣᠯᠭᠠᠭᠰᠠᠨ ᠪᠠᠶᠢᠨ᠎ᠠ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ  ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号