ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠨ᠎ᠠ
ᠨᠡᠶᠢᠲᠡᠯᠡᠭᠰᠡᠨ ᠴᠠᠭ᠄
2024/1/9
- ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠦ ᠵᠠᠨ ᠶᠢᠩ ᠢ ᠰᠤᠷᠪᠤᠯᠵᠢᠯᠠᠭᠰᠠᠨ ᠨᠢ            ︽ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠠᠯᠤᠰ ᠤᠨ ᠲᠥᠯᠦᠪᠵᠢᠭᠦᠯᠭᠡ᠂ ᠡᠭᠦᠷᠭᠡ ᠬᠠᠷᠠᠯᠲᠠ ᠪᠣᠯᠣᠨ ᠠᠵᠢᠯ ᠤᠨ ᠠᠷᠭ᠎ᠠ ᠬᠡᠮᠵᠢᠶ᠎ᠡ ᠨᠢ ᠠᠯᠤᠰ ᠬᠡᠳᠦ ᠶᠢ ᠲᠥᠯᠥᠪᠵᠢᠭᠦᠯᠦᠨ᠂ ᠪᠣᠳᠠᠲᠠᠢ ᠶᠢ ᠡᠷᠬᠢᠮᠯᠡᠵᠦ ᠦᠷ᠎ᠡ ᠠᠰᠢᠭ ᠥᠨᠳᠥᠷ᠂ ᠢᠯᠠᠩᠭᠤᠶ᠎ᠠ ᠢᠷᠡᠬᠦ ᠵᠢᠯ ᠤᠨ ᠮᠠᠨ ᠤ ᠬᠤᠲᠠ ᠶᠢᠨ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠡᠭᠦᠷᠭᠡ ᠨᠢ ᠦᠨᠡᠨ ᠠᠴᠠ ᠵᠥᠪ ᠢ ᠡᠷᠢᠵᠦ᠂ ᠵᠢᠱᠢᠯᠲᠡ ᠲᠠᠢ ᠨᠡᠶᠢᠴᠡᠬᠦ ᠮᠥᠷᠲᠡᠭᠡᠨ ᠢᠳᠡᠪᠬᠢᠲᠡᠢ ᠥᠭᠡᠳᠡᠯᠡᠨ ᠳᠠᠪᠰᠢᠬᠤ ᠶᠢ ᠢᠯᠡᠷᠡᠭᠦᠯᠵᠦ᠂ ᠣᠳᠣᠬᠠᠨ ᠤ ᠶᠡᠭᠡ ᠲᠠᠯ᠎ᠠ ᠶᠡᠭᠡ ᠬᠠᠨᠳᠤᠰᠢ ᠲᠠᠢ ᠨᠡᠶᠢᠴᠡᠵᠦ᠂ ᠣᠳᠣᠬᠠᠨ ᠤ ᠬᠥᠭᠵᠢᠯᠲᠡ ᠶᠢᠨ ᠦᠨᠡᠨ ᠪᠠᠶᠢᠳᠠᠯ ᠲᠠᠢ ᠭᠦᠨᠵᠡᠭᠡᠢ ᠨᠡᠶᠢᠴᠡᠵᠦ᠂ ᠦᠵᠡᠯ ᠰᠠᠨᠠᠭ᠎ᠠ ᠪᠠᠨ ᠨᠢᠭᠡᠳᠬᠡᠬᠦ᠂ ᠬᠠᠷᠠᠯᠲᠠ ᠪᠠᠨ ᠲᠣᠳᠣᠷᠬᠠᠶᠢᠯᠠᠬᠤ᠂ ᠤᠷᠮ᠎ᠠ ᠵᠣᠷᠢᠭ ᠢ ᠬᠥᠪᠴᠢᠯᠡᠬᠦ ᠵᠣᠷᠢᠯᠭ᠎ᠠ ᠳᠠᠭᠠᠨ ᠬᠦᠷᠴᠡᠢ᠃ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠦ ᠵᠠᠨ ᠶᠢᠩ᠄ ︽ᠲᠠᠷᠠᠭᠠᠴᠢ ᠶᠢᠨ ᠠᠯᠬᠤᠮ ᠳᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠢᠨ ᠭᠤᠷᠪᠠᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠬᠤᠷᠠᠯ ᠠᠴᠠ ᠲᠣᠳᠣᠷᠬᠠᠢ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ ᠲᠦᠯᠬᠢᠨ ᠠᠬᠢᠭᠤᠯᠤᠨ᠎ᠠ︾ ᠭᠡᠵᠡᠢ᠃            ᠨᠢᠭᠡ ᠳᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠢᠳᠡᠪᠬᠢᠲᠡᠢ ᠭᠤᠶᠤᠴᠢᠯᠠᠨ᠂ ᠠᠵᠤ ᠠᠬᠤᠶᠢᠯᠠᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠤᠨ ︽ᠵᠠᠷᠯᠠᠯ ᠲᠤᠩᠬᠠᠭᠯᠠᠨ ᠬᠤᠰᠢᠭᠤᠴᠢᠯᠠᠬᠤ︾ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ 2024 ᠣᠨ ᠳᠤ᠂ ᠦᠬᠡᠷ ᠤᠨ ᠬᠦᠷᠳᠦᠯᠢᠭ ᠸᠢᠷᠦ᠋ᠰ ᠤᠨ ᠢᠳᠡᠪᠬᠢ ᠦᠭᠡᠶᠢᠳᠡᠭᠦᠯᠬᠦ ᠸᠠᠺᠼᠢᠨ ᠵᠡᠷᠭᠡ 3 ᠡᠮᠴᠢᠯᠡᠭᠡᠨ ᠤ ᠲᠤᠷᠰᠢᠯᠲᠠ ᠶᠢᠨ ᠴᠣᠬᠤᠯᠠᠪᠤᠷᠢ ᠪᠣᠯᠣᠨ ᠭᠠᠭ᠋ᠠᠢ ᠶᠢᠨ ᠬᠢᠵᠢᠭ ᠤᠨ E2 ᠤᠭᠤᠷᠠᠭ ᠤᠨ ᠳᠡᠳ᠋ ᠨᠢᠭᠡᠴᠢ ᠶᠢᠨ ᠸᠠᠺᠼᠢᠨ ᠵᠡᠷᠭᠡ 4 ᠰᠢᠨ᠎ᠡ ᠮᠠᠯ ᠤᠨ ᠡᠮ ᠤᠨ ᠦᠨᠡᠮᠯᠡᠯ ᠢ ᠣᠯᠬᠤ ᠪᠠᠷ ᠴᠢᠷᠮᠠᠶᠢᠨ᠎ᠠ᠃ N ᠬᠡᠯᠪᠡᠷᠢ ᠶᠢᠨ ᠥᠨᠳᠥᠷ ᠦᠷ᠎ᠡ ᠠᠰᠢᠭ ᠲᠠᠢ ᠬᠡᠷᠡᠯ ᠴᠡᠨᠡᠭ ᠤᠨ ᠳ᠋ᠢᠶᠠᠨ ᡂᠢ ᠶᠢᠨ ᠶᠡᠭᠡ ᠢᠯᠴᠢ ᠶᠢᠨ ᠲᠠᠯᠠᠪᠤᠷ ᠤᠨ ᠲᠠᠯᠠᠰᠲᠤ ᠶᠢ ᠲᠠᠲᠠᠵᠤ ᠦᠢᠯᠡᠳᠬᠦ ᠵᠢᠴᠢ ᠶᠡᠭᠡ ᠬᠡᠮ ᠲᠠᠢ ᠨᠢᠮᠭᠡᠨ ᠴᠠᠬᠢᠭᠤᠷ ᠢᠯᠲᠠᠰᠤ ᠶᠢ ᠬᠡᠷᠴᠢᠬᠦ ᠵᠡᠷᠭᠡ 8 ᠵᠦᠢᠯ ᠤᠨ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 60 ᠳᠤᠮᠳᠠ ᠵᠢᠵᠢᠭ ᠠᠵᠤ ᠠᠬᠤᠶᠢᠯᠠᠯ᠂ 14 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 10 ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠰᠢᠨ᠎ᠡ ᠪᠠᠷ ᠪᠣᠶᠢᠵᠢᠭᠤᠯᠤᠨ ᠨᠡᠮᠡᠭᠳᠡᠭᠦᠯᠵᠦ᠂ ᠤᠯᠤᠰ ᠤᠨ ᠳᠡᠰ ᠤᠨ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠬᠡᠨ ᠪᠠᠶᠢᠭᠤᠯᠵᠤ᠂ ᠤᠯᠠᠨ ᠤᠯᠤᠰ ᠤᠨ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠶᠡᠭᠡ ᠬᠤᠷᠠᠯ ᠢ ᠰᠠᠶᠢᠲᠤᠷ ᠡᠷᠬᠢᠯᠡᠵᠦ᠂ ᠪᠦᠬᠦ ᠤᠯᠤᠰ ᠤᠨ ᠲᠡᠷᠢᠭᠦᠨ ᠤ ᠠᠮᠢᠲᠠᠨ ᠤ ᠸᠠᠺᠼᠢᠨ ᠤ ᠰᠢᠨ᠎ᠡ ᠶᠢ ᠡᠭᠦᠳᠴᠦ ᠰᠤᠳᠤᠯᠤᠨ ᠦᠢᠯᠡᠳᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃            ᠬᠤᠶᠠᠷ ᠲᠤ᠂ 2024 ᠣᠨ ᠤ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠡᠮᠦᠨ᠎ᠡ ᠪᠠᠶᠢᠷᠢᠨ ᠳᠤ ᠪᠠᠶᠢᠯᠭᠠᠬᠤ ᠪᠠᠷ ᠴᠢᠷᠮᠠᠶᠢᠨ᠎ᠠ᠃ ᠡᠨᠡ ᠡᠪᠦᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠭᠠᠷ ᠭᠦᠢᠴᠡᠳᠬᠡᠯ ᠭᠦᠢᠴᠡᠳᠬᠡᠬᠦ ᠶᠢ ᠴᠢᠩᠭ᠎ᠠ ᠠᠩᠬᠠᠷᠴᠤ᠂ ︽3060 ᠰᠢᠨ᠎ᠡ ᠮᠠᠲ᠋ᠧᠷᠢᠶᠠᠯ︾ ᠵᠡᠷᠭᠡ 26 ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠬᠤ ᠶᠢ ᠲᠦᠷᠭᠡᠳᠬᠡᠨ ᠠᠬᠢᠭᠤᠯᠤᠨ᠎ᠠ᠃ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠰᠠᠶᠢᠲᠤᠷ ᠠᠳᠬᠤᠵᠤ᠂ 101 ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ 2024 ᠣᠨ ᠤ 6 ᠳ᠋ᠤᠭᠠᠷ ᠰᠠᠷ᠎ᠠ ᠠᠴᠠ ᠡᠮᠦᠨ᠎ᠡ ᠪᠦᠬᠦᠨ ᠢ ᠠᠵᠢᠯ ᠢᠶᠠᠨ ᠡᠬᠢᠯᠡᠭᠦᠯᠦᠨ ᠰᠡᠷᠭᠦᠭᠡᠬᠦ ᠶᠢ ᠦᠨᠡᠨᠬᠦ ᠪᠠᠲᠤᠯᠠᠨ᠎ᠠ᠃ 2024 ᠣᠨ ᠤ ᠵᠢᠯ ᠤᠨ ᠡᠴᠦᠰ ᠪᠣᠯᠬᠤ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 700 ᠳ᠋ᠦᠩᠰᠢᠭᠤᠷ ᠲᠥᠭᠦᠷᠢᠭ ᠬᠦᠷᠭᠡᠵᠦ᠂ ᠲᠣᠭᠲᠠᠮᠠᠯ ᠪᠡᠯᠡ ᠣᠷᠣᠭᠤᠯᠤᠯᠲᠠ ᠶᠢ 180 ᠳ᠋ᠦᠩᠰᠢᠭᠤᠷ ᠲᠥᠭᠦᠷᠢᠭ ᠬᠦᠷᠭᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠶᠢ 66 ᠳ᠋ᠦᠩᠰᠢᠭᠤᠷ ᠲᠥᠭᠦᠷᠢᠭ ᠬᠦᠷᠭᠡᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 24 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃ ︽ᠨᠢᠭᠡ ᠳᠤ ᠠᠩᠬᠠᠷᠴᠤ ᠬᠤᠶᠠᠷ ᠲᠤ ᠠᠳᠬᠤᠵᠤ ᠭᠤᠷᠪᠠ ᠳᠤ ᠳᠡᠭᠡᠭᠰᠢᠯᠡᠭᠦᠯᠬᠦ︾ ᠪᠠᠷ ᠳᠠᠮᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠦᠭᠡᠢ ᠪᠠᠬᠢᠵᠢᠭᠦᠯᠦᠨ ᠴᠢᠩᠭᠠᠷᠠᠭᠤᠯᠤᠨ᠎ᠠ᠃            ᠭᠤᠷᠪᠠ ᠳᠤ᠂ ᠬᠦᠷᠢᠶᠡᠯᠡᠩ ᠲᠣᠭᠤᠷᠢᠭ ᠤᠨ ᠡᠯᠧᠮᠧᠨ᠋ᠲ ᠤᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠪᠠ ᠮᠠᠨ ᠤ ᠬᠤᠲᠠ ᠶᠢᠨ ᠤᠯᠤᠰ ᠤᠨ ᠳᠡᠰ ᠤᠨ ᠴᠢᠯᠦᠭᠡᠲᠦ ᠠᠷᠠᠯᠵᠢᠶᠠᠨ ᠤ ᠣᠷᠣᠨ ᠢ ᠭᠤᠶᠤᠴᠢᠯᠠᠨ ᠮᠡᠳᠡᠭᠦᠯᠬᠦ᠂ ︽ᠬᠤᠲᠠ ᠶᠢᠨ ᠳᠡᠳ᠋ ᠲᠥᠪ︾ ᠢ ᠪᠠᠶᠢᠭᠤᠯᠬᠤ ᠵᠡᠷᠭᠡ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ 2024 ᠣᠨ ᠢ ︽ᠣᠷᠴᠢᠨ ᠲᠣᠭᠤᠷᠢᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠣᠨ︾ ᠢᠶᠠᠷ ᠲᠣᠭᠲᠠᠭᠠᠵᠤ᠂ ᠬᠦᠷᠢᠶᠡᠯᠡᠩ ᠲᠣᠭᠤᠷᠢᠭ ᠤᠨ ᠡᠵᠡᠮᠳᠡᠯ ᠤᠨ ᠲᠥᠯᠦᠪᠵᠢᠭᠦᠯᠭᠡ ᠪᠠ ᠡᠯ᠎ᠡ ᠲᠥᠷᠥᠯ ᠤᠨ ᠲᠤᠰᠬᠠᠢ ᠲᠥᠯᠦᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ 47 ︽ᠰᠠᠭᠤᠷᠢ ᠲᠠᠯᠪᠢᠬᠤ᠂ ᠠᠯᠤᠰ ᠬᠡᠲᠦ ᠶᠢᠨ ᠠᠰᠢᠭ ᠢ ᠪᠣᠳᠣᠬᠤ᠂ ᠰᠡᠯᠭᠦᠬᠦ ᠬᠦᠴᠦᠨ ᠢ ᠨᠡᠮᠡᠭᠳᠡᠭᠦᠯᠬᠦ︾ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ 209 ᠤᠯᠤᠰ ᠤᠨ ᠵᠠᠮ ᠤᠨ ᠪᠠᠷᠠᠭᠤᠨ ᠲᠠᠯ᠎ᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠬᠦᠷᠢᠶᠡᠯᠡᠩ ᠲᠣᠭᠤᠷᠢᠭ ᠢ ᠨᠣᠭᠤᠭᠠᠷᠠᠭᠤᠯᠵᠤ ᠭᠡᠷᠡᠯᠲᠦᠭᠦᠯᠵᠦ ᠭᠤᠶᠣᠯᠠᠵᠤ ᠲᠡᠰ ᠳᠡᠪᠰᠢᠭᠦᠯᠦᠨ ᠥᠭᠡᠷᠡᠴᠢᠯᠡᠬᠦ ᠪᠠ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠤᠪᠢᠶᠠᠷᠢ ᠡᠮᠨᠡᠯᠭᠡ ᠶᠢᠨ ᠬᠤᠷᠢᠶ᠎ᠠ ᠵᠡᠷᠭᠡ ᠪᠠᠷᠢᠯᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠭᠠᠵᠠᠷ ᠰᠢᠷᠣᠢ ᠶᠢᠨ ᠡᠬᠢ ᠪᠠᠶᠠᠯᠢᠭ ᠢ ᠲᠤᠶᠢᠯᠪᠤᠷᠢᠲᠠᠢ ᠪᠠᠶᠢᠴᠠᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠦᠷᠭᠦᠯᠵᠢᠯᠡᠨ ᠭᠦᠨᠵᠡᠭᠡᠢ ᠰᠢᠢᠳᠪᠦᠷᠢᠯᠡᠨ᠎ᠡ᠃ ᠳᠡᠭᠡᠳᠦ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ ᠪᠠ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠣᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠪᠠ ᠠᠵᠤ ᠠᠬᠤᠢ ᠶᠢᠨ ᠲᠠᠷᠬᠠᠭᠠᠭᠰᠠᠨ ᠰᠠᠭᠤᠷᠢ ᠮᠥᠩᠭᠦ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠎ᠡ᠃            ᠯᠢᠦ ᠵᠠᠨ ᠶᠢᠩ᠂ ᠤᠳᠤ ᠠᠴᠠ ᠡᠬᠢᠯᠡᠨ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠯᠢᠪᠠ ᠠᠰᠢᠭᠲᠠᠢ ᠴᠠᠭ ᠲᠣᠬᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠨ᠂ ᠬᠠᠷᠠᠯᠲᠠ ᠪᠠᠨ ᠠᠩᠬᠠᠷᠤᠨ ᠪᠠᠶᠢᠳᠠᠯ ᠢᠶᠠᠨ ᠪᠠᠲᠤᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ  ᠨᠢ ᠰᠠᠶᠢᠲᠤᠷ ᠬᠡᠷᠡᠭᠵᠢᠭᠦᠯᠵᠦ᠂ ᠨᠢᠭᠡᠳ ᠨᠢᠭᠡ ᠪᠠᠷ ᠰᠠᠶᠢᠲᠤᠷ ᠨᠠᠶᠢᠳᠠᠪᠤᠷᠢᠵᠢᠭᠤᠯᠤᠨ᠎ᠠ ᠭᠡᠵᠦ ᠢᠯᠡᠳᠬᠡᠪᠡ᠃ ︵ᠰᠦᠩ ᠰᠢᠶᠠᠩ ᠬᠤᠸᠠ︶       ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号