ᠰᠠᠶᠢᠬᠠᠨ ᠲᠣᠭᠤᠷᠢᠭ ᠬᠠᠷᠢᠯᠴᠠᠨ ᠰᠢᠭᠢᠳᠬᠡᠬᠦ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠵᠢᠴᠢ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/9
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠨᠡᠶᠢᠭᠡᠮ ᠲᠣᠭᠤᠷᠢᠭ ᠢ ᠠᠷᠠᠳ ᠤᠯᠠᠨ ᠤ ᠵᠣᠯ ᠵᠢᠷᠭᠠᠯᠲᠤ ᠭᠡᠷ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ 1 ᠰᠠᠷ᠎ᠠ ᠶᠢᠨ 4  ᠤ ᠡᠳᠦᠷ᠂ ᠰᠠᠶᠢᠬᠠᠨ ᠲᠣᠭᠤᠷᠢᠭ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠵᠢᠴᠢ ᠨᠡᠶᠢᠭᠡᠮ ᠲᠣᠭᠤᠷᠢᠭ ᠤᠨ ᠰᠢᠭᠢᠳᠬᠦ ᠮᠠᠶ᠋ᠢᠭ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠵᠢᠶᠸ ᠬᠤᠷᠠᠯ ᠢ ᠡᠷᠬᠢᠯᠡᠵᠦ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠨᠡᠶᠢᠭᠡᠮ ᠲᠣᠭᠤᠷᠢᠭ ᠤᠨ ᠠᠯᠪᠠᠨ ᠭᠡᠷ ᠵᠡᠷᠭᠡ ᠨᠢᠭᠡᠴᠡ ᠬᠤᠷᠠᠯ ᠳᠤ ᠣᠷᠣᠯᠴᠠᠪᠠ᠃
         ᠬᠤᠷᠠᠯ ᠳᠡᠭᠡᠷ᠎ᠡ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︿ᠬᠤᠲᠠ ᠶᠢᠨ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ﹀ ᠢ ᠤᠯᠠᠮᠵᠢᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠪᠠ᠃          ᠬᠤᠷᠠᠯ ᠠᠴᠠ᠂ ᠨᠡᠶᠢᠭᠡᠮ ᠲᠣᠭᠤᠷᠢᠭ ᠪᠣᠯ ᠬᠤᠳᠠ ᠶᠢᠨ ᠤᠯᠠᠨ ᠨᠡᠶᠢᠲᠡ ᠶᠢᠨ ᠦᠢᠯᠡᠴᠢᠯᠡᠭᠡ ᠪᠣᠯᠣᠨ ᠬᠤᠳᠠ ᠶᠢᠨ ᠵᠠᠰᠠᠯᠲᠠ ᠶᠢᠨ ᠦᠨᠳᠦᠰᠦᠨ ᠨᠢᠭᠡᠴᠡ ᠪᠣᠯᠣᠨ᠎ᠠ᠂ ᠬᠤᠳᠠ ᠶᠢᠨ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠨᠡᠶᠢᠭᠡᠮ ᠲᠣᠭᠤᠷᠢᠭ︵ᠵᠢᠵᠢᠭ ᠲᠣᠭᠤᠷᠢᠭ︶ ᠤᠨ ᠤᠯᠠᠨ ᠨᠡᠶᠢᠲᠡ ᠶᠢᠨ ᠣᠷᠣᠨ ᠵᠠᠢ ᠳᠤ ᠴᠢᠳᠠᠮᠵᠢ ᠶᠢᠨ ᠴᠢᠨᠠᠷᠲᠠᠢ ᠲᠥᠬᠦᠭᠡᠷᠦᠮᠵᠢ ᠪᠣᠯᠣᠨ ᠲᠣᠬᠢᠷᠠᠭᠤᠯᠤᠯᠲᠠ ᠶᠢᠨ ᠴᠢᠨᠠᠷᠲᠠᠢ ᠦᠢᠯᠡᠴᠢᠯᠡᠭᠡ ᠶᠢ ᠰᠢᠭᠢᠳᠬᠡᠬᠦ ᠨᠢ ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠤᠯᠠᠨ ᠨᠡᠶᠢᠲᠡ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ᠂ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠳᠤ ᠠᠰᠢᠭᠲᠠᠢ ᠶᠤᠮ᠃            2024 ᠣᠨ ᠳᠤ ᠰᠠᠶᠢᠬᠠᠨ ᠲᠣᠭᠤᠷᠢᠭ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠨᠡᠶᠢᠭᠡᠮ ᠲᠣᠭᠤᠷᠢᠭ ᠤᠨ ᠰᠢᠭᠢᠳᠬᠡᠯᠳᠦ ᠮᠠᠶ᠋ᠢᠭ ᠤᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠲᠦᠯᠬᠢᠨ ᠠᠬᠢᠭᠤᠯᠵᠤ᠂ ᠰᠢᠩ ᠺᠠᠩ᠂ ᠴᠢᠶᠠᠨ ᠶᠢᠨ ᠭᠤᠳᠤᠮᠵᠢ ᠵᠡᠷᠭᠡ ᠰᠢᠭᠢᠳᠬᠡᠯᠳᠦ ᠮᠠᠶ᠋ᠢᠭ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠭᠤᠣᠯᠳᠠᠯᠭ᠎ᠠ ᠲᠠᠢ ᠪᠠᠶᠢᠭᠤᠯᠵᠤ᠂ ᠦᠨᠳᠦᠰᠦᠲᠡᠨ ᠨᠦᠭᠦᠳ ᠤᠨ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠰᠢᠭᠢᠳᠬᠦ ᠶᠢ ᠲᠦᠯᠬᠢᠨ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号