ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2024/10/10
      9 ᠰᠠᠷ᠎ᠠ ᠶᠢᠨ 27 ᠤ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃           ᠨᠢᠭᠡ᠂ ᠬᠤᠷᠠᠯ ᠠᠴᠠ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠤᠬᠠᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃          ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠦᠨᠳᠦᠰᠦᠨ ᠱᠠᠲᠤᠨ ᠤ ᠲᠤᠰᠬᠠᠯ ᠴᠢᠩᠭ᠎ᠠ ᠪᠠᠶᠢᠭ᠎ᠠ ︽ᠪᠢᠴᠢᠭ ᠮᠠᠲ᠋ᠧᠷᠢᠶᠠᠯ ᠬᠤᠷᠠᠯ ᠤᠨ ᠳᠠᠯᠠᠢ︾᠂ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠵᠤ ᠬᠡᠲᠦᠷᠬᠡᠢ ᠤᠯᠠᠨ ᠠᠵᠢᠯ ᠳᠠᠪᠬᠤᠴᠠᠭᠰᠠᠨ ᠵᠡᠷᠭᠡ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠴᠡᠭᠴᠡᠯᠡᠨ ᠵᠠᠰᠠᠬᠤ ᠪᠠᠷ ᠴᠢᠬᠤᠯᠠ ᠡᠭᠦᠷᠭᠡ ᠪᠠᠨ ᠪᠣᠯᠭᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠦᠨᠳᠦᠰᠦᠨ ᠱᠠᠲᠤᠨ ᠤ ᠺᠠᠳ᠋ᠷᠴᠤᠳ ᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠴᠠᠭ ᠬᠤᠭᠤᠴᠠᠭ᠎ᠠ ᠶᠢ ᠦᠨᠡᠨ ᠬᠦ ᠪᠠᠳᠤᠯᠠᠬᠤ ᠬᠡᠷᠡᠭᠲᠡᠢ᠃ ᠬᠤᠶᠠᠷ ᠲᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ᠂ ᠲᠣᠭᠲᠠᠭᠠᠭᠰᠠᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠭᠤᠷᠪᠠ ᠳᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠣᠶᠢᠷ᠎ᠠ ᠶᠢᠨ ᠵᠢᠯ ᠤᠳ ᠠᠴᠠ ᠨᠠᠭᠠᠰᠢᠬᠢ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠳᠤᠮᠳᠠᠬᠢ ᠲᠤᠷᠰᠢᠯᠭ᠎ᠠ ᠠᠷᠭ᠎ᠠ ᠬᠢᠳᠡᠯ ᠢ ᠡᠮᠬᠢᠯᠡᠨ ᠳ᠋ᠦᠩᠨᠡᠵᠦ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠢ ᠳᠤ ᠨᠢ ᠲᠣᠭᠲᠠᠪᠤᠷᠢᠵᠢᠭᠤᠯᠵᠤ᠂ ᠳᠠᠷᠤᠭᠠᠰᠤ ᠶᠢ ᠬᠥᠩᠭᠡᠷᠡᠭᠦᠯᠬᠦ ᠠᠵᠢᠯ ᠢ ᠳᠦᠷᠢᠮᠵᠢᠭᠦᠯᠬᠦ᠂ ᠵᠢᠷᠤᠮᠵᠢᠭᠤᠯᠬᠤ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃             ᠬᠤᠶᠠᠷ᠂ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃             ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠢ ᠮᠡᠳᠡᠵᠦ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠤ ᠠᠮᠵᠢᠯᠲᠠ ᠪᠦᠲᠦᠮᠵᠢ ᠪᠠᠷ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠵᠠᠩᠭᠢᠯᠠᠭ᠎ᠠ ᠶᠢ ᠴᠢᠩᠭ᠎ᠠ ᠠᠳᠬᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ︽ᠵᠢᠷᠭᠤᠭᠠᠨ ᠢᠨᠵᠧᠨᠧᠷᠢᠩ︾᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ᠂ ᠵᠢᠵᠢᠭ ᠬᠤᠭᠤᠯᠠᠨ ᠰᠢᠷᠡᠭᠡᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ᠂ ︽ᠦᠨᠡᠮᠯᠡᠯ ᠠᠪᠬᠤ ᠳᠤ ᠬᠦᠴᠢᠷ︾ ᠪᠠᠶᠢᠬᠤ ᠶᠢ ᠲᠤᠰᠬᠠᠢ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠢᠷᠡᠬᠦ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠤᠷᠢᠳᠴᠢᠯᠠᠨ ᠰᠠᠶᠢᠲᠤᠷ ᠲᠥᠯᠥᠪᠵᠢᠭᠦᠯᠬᠦ ᠬᠡᠷᠡᠭᠲᠡᠢ᠃ ᠢᠷᠡᠬᠦ ᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠲᠥᠰᠥᠪᠯᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠬᠤ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠰᠠᠶᠢᠲᠤᠷ ᠲᠥᠯᠥᠪᠯᠡᠬᠦ ᠬᠡᠷᠡᠭᠲᠡᠢ᠃ ᠳᠥᠷᠪᠡ ᠳᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠢ ᠨᠠᠮᠳᠠᠭᠤᠯᠬᠤ᠂ ᠭᠡᠷ ᠪᠠᠶᠢᠰᠢᠩ ᠲᠤᠰᠢᠶᠠᠬᠤ ᠶᠢ ᠪᠠᠲᠤᠯᠠᠬᠤ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠭᠠᠳᠬᠠᠯ ᠵᠡᠷᠭᠡ ᠡᠯ᠎ᠡ ᠵᠦᠢᠯ ᠤᠨ ᠠᠵᠢᠯ ᠢ ᠢᠳᠡᠪᠬᠢᠲᠡᠢ ᠰᠠᠶᠢᠲᠤᠷ ᠬᠢᠨ᠎ᠡ᠃ ᠡᠭᠦᠨ ᠤ ᠬᠠᠮᠲᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃       ᠭᠤᠷᠪᠠ᠂ ᠬᠤᠷᠠᠯ ᠠᠴᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 9 ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃            ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠠᠵᠤ ᠦᠢᠯᠡᠳᠪᠦᠷᠢ ᠶᠢᠨ ᠲᠠᠯ᠎ᠠ ᠪᠠᠷ᠂ ᠬᠥᠮᠥᠷᠭᠡ ᠳᠤ ᠪᠠᠶᠢᠭ᠎ᠠ ᠠᠵᠤ ᠠᠬᠤᠶᠢᠯᠠᠯ ᠤᠨ ᠨᠡᠮᠡᠭᠳᠡᠯ ᠢ ᠲᠣᠭᠲᠠᠪᠤᠷᠢᠵᠢᠭᠤᠯᠵᠤ᠂ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ᠲᠦᠷᠦᠯ ᠵᠦᠢᠯ ᠤᠨ ᠬᠡᠪᠴᠢᠶᠡᠨ ᠳᠤ ᠣᠷᠣᠬᠤ ᠶᠢ ᠰᠠᠶᠢᠲᠤᠷ ᠠᠳᠬᠤᠵᠤ᠂ ᠦᠢᠯᠡᠳᠬᠦᠨ ᠤ ᠦᠷᠳᠡᠭ ᠤᠨ ᠨᠡᠮᠡᠭᠳᠡᠯ ᠢ ᠲᠦᠷᠭᠡᠬᠡᠨ ᠪᠡᠶᠡᠯᠡᠭᠦᠯᠬᠦ ᠬᠡᠷᠡᠭᠲᠡᠢ᠃ ᠥᠰᠦᠯᠲᠡ ᠶᠢᠨ ᠬᠡᠯᠪᠡᠷᠢ ᠶᠢᠨ ᠠᠵᠤ ᠠᠬᠤᠶᠢᠯᠠᠯ ᠤᠨ ᠪᠠᠶᠢᠳᠠᠯ ᠢ ᠣᠶᠢᠯᠠᠭᠠᠬᠤ ᠠᠵᠢᠯ ᠢ ᠰᠠᠶᠢᠲᠤᠷ ᠠᠳᠬᠤᠵᠤ᠂ ᠵᠢᠯ ᠤᠨ ᠰᠡᠭᠦᠯᠴᠢ ᠠᠴᠠ ᠡᠮᠦᠨ᠎ᠡ ︽ᠲᠡᠰ ᠳᠡᠪᠰᠢᠭᠦᠯᠦᠨ ᠨᠢᠭᠡᠳᠬᠡᠬᠦ︾ ᠶᠢ ᠪᠡᠶᠡᠯᠡᠭᠦᠯᠦᠨ᠎ᠡ᠃ ᠬᠤᠶᠠᠷ ᠲᠤ ᠪᠡᠯᠡ ᠣᠷᠤᠭᠤᠯᠤᠯᠲᠠ ᠶᠢᠨ ᠲᠠᠯ᠎ᠠ ᠪᠠᠷ ᠂ ᠭᠤᠣᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠢ ᠴᠢᠩᠭ᠎ᠠ ᠠᠩᠬᠠᠷᠴᠤ ᠬᠦᠴᠦᠨ ᠵᠦᠢᠯ ᠤᠨ ᠢᠵᠢ ᠪᠦᠷᠢᠳᠦᠭᠦᠯᠬᠦ ᠠᠰᠠᠭᠤᠳᠠᠯ ᠢ ᠰᠢᠢᠳᠪᠦᠷᠢᠯᠡᠨ᠂ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂ ᠳᠥᠷᠪᠡᠳᠦᠭᠡᠷ ᠤᠯᠠᠷᠢᠯ ᠳᠤ ᠬᠤᠶᠠᠷ ᠨᠡᠭᠡᠭᠡᠯᠲᠡ ᠶᠢᠨ ᠲᠣᠭᠤᠷᠢᠭ ᠤᠨ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ︔ ᠡᠭᠦᠨ ᠤ ᠬᠠᠮᠲᠤ᠂ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ ᠴᠠᠭ ᠲᠤᠬᠠᠢ  ᠳᠤᠨᠢ ᠬᠥᠮᠥᠷᠭᠡ ᠳᠤ ᠣᠷᠣᠭᠤᠯᠵᠤ ᠨᠢᠭᠡᠳᠦᠯᠲᠡᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ︔ ᠪᠥᠬᠦ ᠬᠦᠴᠦᠨ ᠢᠶᠠᠷ ᠢᠶᠠᠨ ᠳᠠᠯᠳᠠ ᠬᠦᠴᠦᠨ ᠢ ᠠᠭᠤᠳᠠᠯᠵᠤ ᠪᠡᠯᠡ ᠣᠷᠣᠭᠤᠯᠤᠯᠲᠠ ᠶᠢ ᠥᠷᠭᠡᠳᠬᠡᠨ᠂ ᠪᠥᠬᠦ ᠵᠢᠯ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠭᠤᠷᠪᠠ ᠳᠤ ᠬᠤᠷᠰᠢᠶ᠎ᠠ ᠶᠢᠨ ᠲᠡᠭ ᠲᠠᠯ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠨᠡᠮᠡᠭᠳᠡᠯ ᠢ ᠴᠢᠩᠭ᠎ᠠ ᠠᠩᠬᠠᠷᠴᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠳᠥᠷᠪᠡᠳᠦᠭᠡᠷ ᠤᠯᠠᠷᠢᠯ ᠳᠤ  ᠵᠢᠰᠢᠭᠰᠡᠨ ᠨᠡᠮᠡᠭᠳᠡᠯ ᠢᠶᠠᠨ ᠦᠷᠭᠦᠯᠵᠢᠯᠡᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠲᠡᠰ ᠳᠡᠪᠰᠢᠭᠦᠯᠦᠨ ᠨᠢᠭᠡᠳᠬᠡᠬᠦ ᠶᠢ ᠰᠠᠶᠢᠲᠤᠷ ᠠᠳᠬᠤᠨ᠎ᠠ᠃ ᠲᠣᠷᠪᠠ ᠳᠤ ᠡᠳ᠋ ᠤᠨ ᠵᠠᠰᠠᠭ ᠤᠨ ᠣᠷᠤᠯᠭ᠋᠎ᠠ ᠶᠢᠨ ᠲᠠᠯ᠎ᠠ ᠪᠠᠷ᠂ ᠭᠠᠶᠢᠯᠢ ᠲᠠᠲᠠᠪᠤᠷᠢ ᠶᠢᠨ ᠳᠠᠯᠳᠠ ᠬᠦᠴᠦᠨ ᠢ ᠠᠭᠤᠳᠠᠯᠬᠤ ᠪᠠ ᠥᠷᠢ ᠰᠢᠷᠢ ᠶᠢ ᠢᠯᠭᠠᠷᠠᠭᠤᠯᠬᠤ ᠡᠷᠴᠢᠮ ᠢ ᠦᠷᠭᠦᠯᠵᠢᠯᠡᠨ ᠲᠦᠯᠬᠢᠨ ᠠᠬᠢᠭᠤᠯᠵᠤ᠂ ᠭᠠᠶᠢᠯᠢ ᠶᠢᠨ ᠪᠤᠰᠤ ᠣᠷᠣᠯᠭ᠎ᠠ ᠶᠢ ᠨᠡᠮᠡᠭᠳᠡᠭᠦᠯᠦᠨ᠂ ᠪᠦᠬᠦ ᠵᠢᠯ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠲᠦᠷᠭᠡᠬᠡᠨ ︽ᠰᠥᠭᠡᠷᠭᠦ ᠪᠠᠶᠢᠭᠰᠠᠨ ᠠᠴᠠ ᠵᠢᠩᠬᠢᠯᠡᠬᠦ︾ ᠶᠢ ᠪᠡᠶᠡᠯᠡᠭᠦᠯᠬᠦ ᠪᠠᠷ ᠴᠢᠷᠮᠠᠶᠢᠨ᠎ᠠ᠃       ᠳᠥᠷᠪᠡ᠂ ᠬᠤᠷᠠᠯ ᠠᠴᠠ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠤᠯᠤᠰ ᠤᠨ ᠪᠠᠶᠠᠷ ᠤᠨ ᠬᠤᠭᠤᠴᠠᠭᠠᠨ ᠳᠠᠬᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠪᠡᠯᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃            ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠬᠠᠷᠢᠭᠤᠴᠠᠵᠤ᠂ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠨ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠶᠡᠭᠡ ᠲᠦᠷᠭᠡᠨ ᠭᠤᠣᠯ ᠳᠠᠭᠠᠤ ᠶᠢᠨ ᠴᠡᠴᠡᠭ ᠤᠨ ᠳᠠᠯᠠᠢ ᠶᠢᠨ ᠪᠣᠯᠵᠣᠮᠠᠷ᠂ ᠭᠠᠯᠰᠠᠩ ᠤᠨ ᠳᠠᠯᠠᠢ ᠵᠡᠷᠭᠡ ᠭᠠᠵᠠᠷ ᠤᠨ ᠲᠣᠭᠤᠷᠢᠨ ᠳᠤ᠂ ᠮᠠᠨ ᠤ ᠲᠣᠭᠤᠷᠢᠭ ᠤᠨ ᠣᠨᠴᠠᠯᠢᠭ ᠢ ᠭᠤᠣᠯᠳᠠᠯᠭ᠎ᠠ ᠲᠠᠢ ᠳᠣᠪᠤᠶᠢᠯᠭᠠᠵᠤ᠂ ᠪᠦᠬᠦ ᠲᠠᠯ᠎ᠠ ᠶᠢᠨ᠂ ᠥᠷᠭᠡᠨ ᠳᠡᠯᠭᠡᠷ ᠤᠬᠠᠭᠤᠯᠤᠨ ᠮᠡᠳᠡᠭᠡᠯᠡᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠣᠷᠣᠨ ᠤ ᠲᠥᠪ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠵᠤᠭᠠᠴᠠᠭᠰᠠᠳ ᠢ ᠲᠠᠲᠠᠵᠤ ᠬᠡᠷᠡᠭᠯᠡᠭᠡ ᠶᠢ ᠲᠣᠭᠤᠷᠢᠨ ᠦᠵᠡᠬᠦ ᠬᠡᠷᠡᠭᠲᠡᠢ᠃ ᠬᠤᠶᠠᠷ ᠲᠤ᠂ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠡᠷᠦᠩᠬᠡᠢ ᠬᠠᠷᠢᠭᠤᠴᠠᠵᠤ᠂ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠪᠥᠬᠦ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠡᠯ᠎ᠡ ᠵᠦᠢᠯ ᠤᠨ ᠤᠴᠢᠷ ᠶᠠᠪᠤᠳᠠᠯ ᠢ ᠨᠢᠭᠡᠳᠦᠯᠲᠡᠢ ᠲᠥᠯᠥᠪᠯᠡᠨ ᠰᠠᠶᠢᠲᠤᠷ ᠵᠣᠬᠢᠶᠠᠨ ᠪᠠᠶᠢᠭᠤᠯᠵᠤ᠂ ᠮᠠᠨ ᠤ ᠲᠣᠭᠤᠷᠢᠭ ᠤᠨ ᠶᠡᠭᠡ ᠲᠦᠷᠭᠡᠨ ᠭᠤᠣᠯ ᠵᠡᠷᠭᠡ ᠡᠬᠢ ᠪᠠᠶᠠᠯᠢᠭ ᠤᠨ ᠳᠠᠪᠠᠭᠤᠯᠢᠭ ᠪᠠ ᠣᠨᠴᠠᠯᠢᠭ ᠳᠠᠪᠠᠭᠤᠯᠢᠭ ᠤᠨ ᠲᠣᠭᠤᠷᠢᠨ ᠳᠤ᠂ ᠣᠷᠣᠨ ᠪᠦᠰᠡ ᠶᠢᠨ ᠣᠨᠴᠠᠯᠢᠭ ᠢ ᠢᠯᠡᠷᠡᠭᠦᠯᠦᠭᠰᠡᠨ᠂ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠵᠢᠯᠯᠠᠭ᠎ᠠ ᠶᠢ ᠰᠠᠶᠢᠲᠤᠷ ᠪᠣᠶ ᠪᠣᠯᠭᠠᠨ᠎ᠠ᠃ ᠭᠤᠷᠪᠠ ᠳᠤ᠂ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠲᠠᠢ ᠬᠠᠷᠢᠴᠠᠭᠤᠯᠤᠨ᠂ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠲᠠᠨᠢᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠣᠨᠴᠠᠭᠠᠶᠢᠯᠠᠨ ᠬᠠᠷᠢᠶ᠎ᠠ ᠣᠷᠣᠨ᠂ ᠬᠤᠳᠠ ᠶᠢᠨ ᠬᠠᠮᠢᠶᠠᠷᠤᠯᠲᠠ᠂ ᠵᠠᠮ ᠬᠠᠷᠢᠯᠴᠠᠭᠠᠨ ᠤ ᠴᠠᠭᠳᠠᠭ᠎ᠠ᠂ ᠵᠠᠬ᠎ᠠ ᠳᠡᠯᠭᠡᠭᠦᠷ ᠵᠡᠷᠭᠡ ᠰᠠᠯᠠᠭ᠎ᠠ ᠮᠥᠴᠢᠷ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠵᠤ᠂ ᠵᠣᠬᠢᠴᠠᠭᠤᠯᠤᠨ ᠬᠠᠮᠲᠤᠷᠠᠯᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮᠬᠢ ᠳᠢᠭᠯᠢᠮ ᠢ ᠬᠠᠮᠠᠭᠠᠯᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠤᠰᠤ ᠴᠠᠬᠢᠯᠭᠠᠨ ᠤ ᠪᠠᠲᠤᠯᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠬᠦᠴᠦ ᠪᠠᠨ ᠬᠠᠮᠲᠤᠳᠬᠠᠨ ᠠᠵᠢᠯᠯᠠᠭ᠎ᠠ ᠶᠢᠨ ᠠᠮᠤᠷ ᠲᠦᠪᠰᠢᠨ ᠤᠷᠤᠭᠰᠢᠲᠠᠢ ᠶᠠᠪᠤᠭᠳᠠᠵᠤ᠂ ᠤᠯᠠᠨ ᠲᠦᠮᠡᠨ ᠪᠠᠶᠠᠷ ᠪᠠᠶᠠᠰᠬᠤᠯᠠᠩ ᠲᠠᠢ ᠤᠯᠤᠰ ᠤᠨ ᠪᠠᠶᠠᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠲᠠᠪᠤ᠂ ᠬᠤᠷᠠᠯ ᠠᠴᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃              ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠤ ᠵᠣᠭᠤᠰ ᠢ ᠲᠥᠯᠥᠵᠦ ᠳᠠᠭᠤᠰᠬᠠᠬᠤ ᠠᠵᠢᠯ ᠢ ᠲᠦᠷᠭᠡᠳᠬᠡᠨ ᠠᠬᠢᠭᠤᠯᠵᠤ᠂ ᠲᠣᠬᠢᠷᠠᠭᠤᠯᠤᠯᠲᠠ ᠪᠠᠨ ᠴᠢᠩᠭᠠᠳᠬᠠᠨ᠂ ᠵᠦᠢᠯ ᠳᠠᠷᠠᠭᠠᠯᠠᠨ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠵᠣᠯᠭᠠᠭᠤᠯᠵᠤ᠂ ᠦᠨᠡᠨᠬᠦ ᠶᠠᠪᠤᠭᠳᠠᠭᠤᠰᠢᠲᠠᠢ ᠰᠢᠢᠳᠪᠦᠷᠢᠯᠡᠬᠦ ᠠᠷᠭ᠎ᠠ ᠵᠠᠮ ᠭᠠᠷᠭᠠᠵᠤ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠵᠣᠭᠤᠰ ᠪᠤᠴᠠᠭᠠᠬᠤ ᠲᠥᠯᠥᠪᠯᠡᠭᠡ ᠲᠣᠭᠲᠠᠭᠠᠵᠤ᠂ ᠲᠥᠯᠥᠵᠦ ᠳᠠᠭᠤᠰᠬᠠᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠵᠥᠷᠢᠯᠳᠦᠭᠡᠨ ᠦᠭᠡᠢ ᠳᠠᠩᠰᠠᠨ ᠤ ᠵᠣᠭᠤᠰ ᠢ ᠤᠯᠠᠷᠢᠯ ᠳᠤ ᠬᠥᠳᠡᠯᠦᠩᠭᠦᠢ ᠪᠠᠷ ᠦᠭᠡᠶᠢᠰᠬᠡᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠵᠠᠷᠭᠤ ᠶᠢᠨ ᠶᠠᠪᠤᠴᠠ ᠳᠤ ᠣᠷᠣᠯᠴᠠᠵᠤ᠂ ︽ᠰᠢᠭᠦᠯᠲᠡ ᠳᠤ ᠣᠷᠣᠯᠴᠠᠬᠤ︾ ︽ᠳᠠᠭᠤ ᠭᠠᠷᠭᠠᠬᠤ︾ ᠶᠢ ᠪᠡᠶᠡᠯᠡᠭᠦᠯᠵᠦ᠂ ᠢᠳᠡᠪᠬᠢᠲᠡᠢ ᠪᠠᠷ ᠵᠠᠷᠭᠤ ᠬᠦᠯᠢᠶᠡᠵᠦ᠂ ᠵᠥᠷᠢᠴᠡᠯ ᠢ ᠰᠠᠨᠠᠭᠠᠴᠢᠯᠠᠭ᠎ᠠ ᠠᠴᠠ ᠪᠠᠨ ᠠᠷᠢᠯᠭᠠᠬᠤ ᠬᠡᠷᠡᠭᠲᠡᠢ᠃       ᠵᠢᠷᠭᠤᠭ᠎ᠠ᠂ ᠬᠤᠷᠠᠯ ᠠᠴᠠ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠮᠠᠨ ᠤ ᠲᠣᠭᠤᠷᠢᠭ ᠤᠨ ᠬᠠᠲᠤᠨ ᠭᠤᠣᠯ ᠤᠨ ᠰᠠᠪᠠ ᠭᠠᠵᠠᠷ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃           ᠬᠤᠷᠠᠯ ᠠᠴᠠ ᠱᠠᠭᠠᠷᠳᠠᠭᠰᠠᠨ ᠨᠢ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠶᠡᠷᠦᠩᠬᠡᠶᠢᠯᠡᠨ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠵᠣᠬᠢᠴᠠᠯᠳᠤᠨ ᠬᠤᠯᠪᠤᠭᠠᠯᠠᠨ ᠬᠥᠳᠡᠯᠦᠯᠴᠡᠵᠦ᠂ ᠨᠢᠭᠡ ᠲᠠᠯ᠎ᠠ ᠪᠠᠷ ᠮᠠᠨ ᠤ ᠲᠣᠭᠤᠷᠢᠭ ᠤᠨ ᠬᠤᠯᠪᠣᠭᠳᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠤᠭᠰᠠᠨ ᠦᠭᠡᠢ ᠪᠠᠶᠢᠪᠠᠯ᠂ ︽ᠪᠢᠲᠡᠭᠦᠦ ᠴᠠᠭᠠᠷᠢᠭ︾ ᠤᠨ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠨᠠᠪᠲᠠᠷᠡᠭᠦᠯᠵᠦ᠂ ᠬᠠᠷᠭᠤᠭᠤᠯᠤᠨ ᠪᠠᠶᠢᠴᠠᠭᠠᠵᠤ᠂ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠠᠭ ᠲᠤᠬᠠᠢ ᠳᠤᠨᠢ ᠥᠭᠡᠷᠡᠴᠢᠯᠡᠵᠦ᠂ ᠪᠣᠳᠠᠲᠠᠶᠢᠵᠢᠭᠤᠯᠵᠤ᠂ ᠲᠤᠶᠢᠯᠪᠤᠷᠢᠲᠠᠢ ᠥᠭᠡᠷᠡᠴᠢᠯᠡᠵᠦ᠂ ᠳᠠᠬᠢᠨ ᠢᠯᠡᠷᠡᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠥᠭᠦᠭᠡ ᠲᠠᠯ᠎ᠠ ᠪᠠᠷ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ ︽ᠡᠷᠬᠢᠨ ᠬᠠᠷᠠᠬᠤ︾ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠶᠡᠭᠡ ᠠᠮᠢ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠲᠠᠢ ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ ᠡᠭᠦᠨ ᠤ ᠬᠠᠮᠲᠤ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠭᠠᠵᠠᠷ ᠣᠷᠣᠨ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠠᠷᠢᠶ᠎ᠠ ᠭᠠᠵᠠᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃          ᠬᠤᠷᠠᠯ ᠠᠴᠠ ᠪᠠᠰᠠ ︽ᠬᠥᠬᠡᠬᠤᠲᠠ ᠶᠢᠨ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠰᠢᠯᠢᠳᠡᠭᠵᠢᠭᠦᠯᠬᠦ ᠲᠥᠰᠥᠯ︾᠂ ︽ᠰᠠᠶᠢᠬᠠᠨ ᠲᠣᠭᠤᠷᠢᠭ ᠤᠨ ᠪᠥᠬᠦ ᠤᠯᠤᠰ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ ︵ᠬᠢᠨᠠᠨ ᠵᠥᠪᠯᠡᠬᠦ ᠨᠣᠣᠷᠠᠭ︶︾ ᠢ ᠬᠢᠨᠠᠨ ᠵᠥᠪᠯᠡᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠪᠤᠰᠤᠳ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ  ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号