ᠣᠨᠴᠠᠭᠠᠢ ᠤᠯᠤᠰ ᠤᠨ ᠵᠢᠭᠡᠯᠡᠯᠭᠡ ᠶᠢ ᠦᠷᠭᠦᠯᠵᠢᠯᠡᠨ ᠲᠠᠷᠬᠠᠭᠠᠨ᠎ᠠ
ᠨᠡᠶᠢᠲᠡᠯᠡᠭᠰᠡᠨ ᠴᠠᠭ᠄
2024/10/11
     ᠡᠳ᠋ ᠤᠨ ᠵᠠᠰᠠᠭ ᠤᠨ ᠶᠠᠮᠤᠨ 2024 ᠣᠨ ᠤ ᠣᠨᠴᠠ ᠣᠷᠳᠣ ᠬᠤᠭᠤᠴᠠᠭᠠᠲᠤ ᠣᠨᠴᠠᠭᠠᠶ ᠤᠯᠤᠰ ᠤᠨ ᠵᠢᠭᠡᠯᠡᠯᠭᠡ ( ᠵᠢᠷᠭᠤᠳᠤᠭᠠᠷ ᠬᠤᠭᠤᠴᠠᠭ᠎ᠠ) (30 ᠵᠢᠯ ᠤᠨ ᠬᠤᠭᠤᠴᠠᠭ᠎ᠠ ᠲᠠᠢ ) ᠶᠢ ᠦᠷᠭᠦᠯᠵᠢᠯᠡᠨ ᠲᠠᠷᠬᠠᠭᠠᠬᠤ ᠪᠠᠷ ᠪᠤᠶ ᠭᠡᠬᠦ ᠮᠡᠳᠡᠭᠳᠡᠯ ᠨᠡᠶᠢᠲᠡᠯᠡᠵᠡᠢ᠃      ᠲᠤᠰ ᠤᠳᠠᠭᠠᠨ ᠤ  ᠦᠷᠭᠦᠯᠵᠢᠯᠡᠨ ᠲᠠᠷᠬᠠᠭᠠᠬᠤ  ᠤᠯᠤᠰ  ᠤᠨ ᠵᠢᠭᠡᠯᠡᠯᠭᠡ ᠪᠣᠯ 30 ᠵᠢᠯ ᠤᠨ ᠬᠤᠭᠤᠴᠠᠭᠠᠲᠤ  ᠲᠣᠭᠲᠠᠮᠠᠯ ᠬᠦᠦ  ᠲᠠᠢ ᠬᠦᠦ ᠮᠥᠩᠭᠦ ᠶᠢᠨ  ᠪᠠᠷᠢᠮᠲᠠ  ᠳᠠᠭᠠᠯᠳᠤᠭᠤᠯᠤᠭᠰᠠᠨ  ᠵᠢᠭᠡᠯᠡᠯᠭᠡ ᠪᠣᠯᠣᠨ᠎ᠠ᠃ ᠲᠤᠰ ᠤᠳᠠᠭᠠᠨ ᠤ ᠦᠷᠭᠦᠯᠵᠢᠯᠡᠨ ᠲᠠᠷᠬᠠᠭᠠᠬᠤ ᠤᠯᠤᠰ ᠤᠨ ᠵᠢᠭᠡᠯᠡᠯᠭᠡ ᠶᠢᠨ ᠬᠦᠦ ᠶᠢᠨ ᠨᠤᠷᠮ᠎ᠠ ᠨᠢ ᠡᠮᠦᠨ᠎ᠡ ᠲᠠᠷᠬᠠᠭᠠᠭᠰᠠᠨ ᠠᠳᠠᠯᠢ ᠬᠤᠭᠤᠴᠠᠭᠠᠨ ᠤ ᠤᠯᠤᠰ ᠤᠨ ᠵᠢᠭᠡᠯᠡᠯᠭᠡ ᠲᠠᠢ ᠠᠳᠠᠯᠢ ᠮᠥᠨ 2.19% ᠪᠣᠯᠣᠨ᠎ᠠ᠃ ᠲᠤᠰ ᠤᠳᠠᠭᠠᠨ ᠤ ᠦᠷᠭᠦᠯᠵᠢᠯᠡᠨ ᠲᠠᠷᠬᠠᠭᠠᠬᠤ ᠤᠯᠤᠰ ᠤᠨ ᠵᠢᠭᠡᠯᠡᠯᠭᠡ ᠶᠢᠨ ᠥᠷᠢᠰᠦᠯᠳᠦᠭᠡᠨ ᠤ ᠴᠢᠨᠠᠷᠲᠠᠢ ᠳᠠᠭᠠᠭᠠᠴᠢᠯᠠᠯᠲᠠ ᠵᠠᠷᠯᠠᠬᠤ ᠦᠷᠲᠡᠭ ᠤᠨ ᠶᠡᠷᠦᠩᠬᠡᠢ ᠲᠤᠭ᠎ᠠ 500 ᠳ᠋ᠦᠩᠰᠢᠭᠤᠷ ᠲᠥᠭᠦᠷᠢᠭ ᠲᠤ ᠬᠦᠷᠴᠦ᠂ ᠳᠠᠭᠠᠭᠠᠴᠢᠯᠠᠭᠴᠢ ᠡᠲᠡᠭᠡᠳ ᠳᠠᠮᠵᠢᠭᠤᠯᠤᠨ ᠳᠠᠭᠠᠭᠠᠴᠢᠯᠠᠯᠲᠠ ᠵᠠᠷᠯᠠᠬᠤ ᠶᠢ ᠵᠥᠪᠰᠢᠶᠡᠷᠡᠬᠦ ᠦᠭᠡᠢ᠃ ᠲᠤᠰ ᠤᠳᠠᠭᠠᠨ ᠤ ᠦᠷᠭᠦᠯᠵᠢᠯᠡᠨ ᠲᠠᠷᠬᠠᠭᠠᠬᠤ ᠤᠯᠤᠰ ᠤᠨ ᠵᠢᠭᠡᠯᠡᠯᠭᠡ ᠶᠢᠨ ᠬᠦᠦ ᠮᠥᠩᠭᠦ ᠥᠭᠬᠦ ᠡᠳᠦᠷ᠂ ᠰᠣᠯᠢᠵᠤ ᠥᠭᠬᠦ ᠲᠣᠬᠢᠷᠠᠭᠤᠯᠤᠯᠲᠠ ᠨᠢ ᠡᠮᠦᠨ᠎ᠡ ᠲᠠᠷᠬᠠᠭᠠᠭᠰᠠᠨ ᠠᠳᠠᠯᠢ ᠬᠤᠭᠤᠴᠠᠭᠠᠨ ᠤ ᠤᠯᠤᠰ ᠤᠨ ᠵᠢᠭᠡᠯᠡᠯᠭᠡ ᠲᠠᠢ ᠠᠳᠠᠯᠢ᠃ 2024 ᠣᠨ ᠤ 9 ᠰᠠᠷ᠎ᠠ ᠶᠢᠨ 25 ᠤ ᠡᠳᠦᠷ ᠠᠴᠠ ᠡᠬᠢᠯᠡᠨ᠂ ᠬᠠᠭᠠᠰ ᠵᠢᠯ ᠳᠤ ᠨᠢᠭᠡ ᠤᠳᠠᠭ᠎ᠠ ᠬᠦᠦ ᠮᠥᠩᠭᠦ ᠪᠤᠳᠤᠵᠤ᠂ ᠵᠢᠯ ᠪᠦᠷᠢ ᠶᠢᠨ 3 ᠰᠠᠷ᠎ᠠ ᠶᠢᠨ 25 ᠤ ᠡᠳᠦᠷ ( ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠣᠬᠢᠶᠠᠯᠳᠤᠪᠠᠯ ᠬᠤᠶᠢᠰᠢᠯᠠᠭᠤᠯᠤᠨ᠎ᠠ᠂ ᠳᠣᠷᠣᠭᠰᠢ ᠠᠳᠠᠯᠢ )᠂ 9 ᠰᠠᠷ᠎ᠠ ᠶᠢᠨ 25 ᠤ ᠡᠳᠦᠷ ᠬᠦᠦ ᠮᠥᠩᠭᠦ ᠥᠭᠴᠦ᠂ 2054 ᠣᠨ ᠤ 9 ᠰᠠᠷ᠎ᠠ ᠶᠢᠨ 25 ᠤ ᠡᠳᠦᠷ ᠡᠬᠡ ᠮᠥᠩᠭᠦ ᠶᠢ ᠪᠤᠴᠠᠭᠠᠬᠤ ᠶᠢᠨ ᠬᠠᠮᠲᠤ ᠬᠠᠮᠤᠭ ᠤᠨ ᠰᠡᠭᠦᠯᠴᠢ ᠶᠢᠨ ᠤᠳᠠᠭᠠᠨ ᠤ ᠬᠦᠦ ᠮᠥᠩᠭᠦ ᠶᠢ ᠥᠭᠭᠦᠨ᠎ᠡ᠃      ᠳᠠᠭᠠᠭᠠᠴᠢᠯᠠᠯᠲᠠ ᠵᠠᠷᠯᠠᠬᠤ ᠴᠠᠭ ᠨᠢ 2024 ᠣᠨ ᠤ 10 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨᠡᠬᠢ 10:35 ᠠᠴᠠ 11:35 ᠪᠣᠯᠣᠨ᠎ᠠ᠃      ᠢᠷᠡᠯᠲᠡ᠄ ᠡᠳ᠋ ᠤᠨ ᠵᠠᠰᠠᠭ ᠤᠨ ᠶᠠᠮᠤᠨ ᠤ ᠰᠦᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号