ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠯᠲᠡ ᠶᠢᠨ ᠳᠤᠮᠳᠠ ᠰᠠᠶᠢᠵᠢᠷᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/11
       ᠣᠶᠢᠷ᠎ᠠ ᠶᠢᠨ ᠬᠤᠭᠤᠴᠠᠭᠠᠨ ᠳᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠨᠡᠶᠢᠲᠡᠯᠡᠪᠡ        ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠶᠢ 0.5 ᠵᠠᠭᠤᠨ ᠤ ᠴᠡᠭ ᠢᠶᠠᠷ ᠪᠠᠭᠤᠷᠠᠭᠤᠯᠪᠠ        ᠳᠤᠮᠳᠠᠳᠤ ᠤᠯᠤᠰ ᠤᠨ ᠠᠷᠠᠳ ᠤᠨ ᠪᠠᠩᠬᠢ 27 ᠤ ᠡᠳᠦᠷ ᠲᠤ ᠨᠡᠶᠢᠲᠡᠯᠡᠭᠰᠡᠨ ᠢᠶᠠᠷ᠂ 2024 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ 0.5 ᠵᠠᠭᠤᠨ ᠤ ᠴᠡᠭ ᠢᠶᠠᠷ ᠪᠠᠭᠤᠷᠠᠭᠤᠯᠬᠤ ᠪᠠᠷ ᠲᠣᠭᠲᠠᠪᠠ        ᠤᠷᠲᠤ ᠬᠤᠭᠤᠴᠠᠭᠠᠨ ᠤ ᠬᠥᠳᠡᠯᠦᠩᠭᠦᠢ ᠴᠢᠨᠠᠷ ᠢ ᠪᠠᠷᠤᠭ 1 ᠲᠦᠮᠡᠨ ᠳ᠋ᠦᠩᠰᠢᠭᠤᠷ ᠲᠥᠭᠦᠷᠢᠭ ᠰᠤᠯᠠᠯᠠᠬᠤ ᠪᠠᠷ ᠵᠢᠱᠢᠵᠦ ᠪᠣᠢ        ᠢᠯᠡ ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠰᠥᠷᠭᠡᠦ ᠪᠠᠷ ᠡᠭᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢᠨ ᠬᠦᠦ ᠶᠢᠨ ᠨᠤᠷᠮ᠎ᠠ 20 ᠰᠠᠭᠤᠷᠢ ᠴᠡᠭ ᠪᠠᠭᠤᠷᠠᠪᠠ        9 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ᠂ ᠢᠯᠡ ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠰᠥᠷᠭᠡᠦ ᠪᠠᠷ ᠡᠭᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢᠨ ᠬᠦᠦ ᠶᠢᠨ ᠨᠣᠷᠮ᠎ᠠ ᠶᠢ ᠤᠤᠯ ᠤᠨ 1.70% ᠪᠠᠶᠢᠭᠰᠠᠨ ᠠᠴᠠ 1.50% ᠪᠣᠯᠭᠠᠨ ᠲᠣᠬᠢᠷᠠᠭᠤᠯᠵᠤ᠂ 20 ᠰᠠᠭᠤᠷᠢ ᠴᠡᠭ ᠪᠠᠭᠤᠷᠠᠭᠤᠯᠪᠠ        ᠲᠤᠰ ᠤᠳᠠᠭᠠᠨ ᠤ ᠲᠦᠷᠦ ᠶᠢᠨ ᠪᠣᠳᠣᠯᠭ᠎ᠠ ᠶᠢᠨ ᠬᠦᠦ ᠶᠢᠨ ᠨᠤᠷᠮ᠎ᠠ ᠶᠢᠨ ᠳᠣᠷᠣᠭᠰᠢᠯᠠᠭᠤᠯᠤᠭᠰᠠᠨ ᠬᠡᠮᠵᠢᠶ᠎ᠡ ᠨᠢ ᠣᠶᠢᠷ᠎ᠠ ᠶᠢᠨ ᠳᠦᠷᠪᠡᠨ ᠵᠢᠯ ᠳᠠᠬᠢ ᠬᠠᠮᠤᠭ ᠤᠨ ᠶᠡᠭᠡ ᠨᠢᠭᠡ ᠤᠳᠠᠭᠠᠨ ᠤ ᠲᠣᠬᠢᠷᠠᠭᠤᠯᠤᠯᠲᠠ ᠪᠣᠯᠪᠠ        ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠰᠢᠨ᠎ᠡ ᠪᠠᠷ ᠲᠠᠯᠪᠢᠭᠰᠠᠨ ᠵᠢᠭᠡᠯᠡᠯᠭᠡ ᠶᠢᠨ ᠬᠦᠦ ᠶᠢᠨ ᠨᠤᠷᠮ᠎ᠠ ᠣᠷᠴᠢᠮ ᠳᠤ ᠬᠦᠷᠲᠡᠯ᠎ᠡ ᠪᠠᠭᠤᠷᠠᠭᠤᠯᠤᠨ᠎ᠠ        ᠳᠤᠮᠳᠠᠴᠢ ᠪᠠᠷ 0.5 ᠵᠠᠭᠤᠨ ᠤ ᠴᠡᠭ ᠣᠷᠴᠢᠮ ᠪᠠᠭᠤᠷᠠᠭᠤᠯᠬᠤ ᠪᠠᠷ ᠵᠢᠱᠢᠵᠦ ᠪᠣᠢ        ᠬᠤᠳᠠᠯᠳᠤᠭᠠᠨ ᠤ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠰᠢᠨ᠎ᠡ ᠪᠠᠷ ᠲᠠᠯᠪᠢᠭᠰᠠᠨ ᠵᠢᠭᠡᠯᠡᠯᠭᠡ ᠶᠢᠨ ᠬᠦᠦ ᠶᠢᠨ ᠨᠤᠷᠮ᠎ᠠ ᠣᠷᠴᠢᠮ ᠳᠤ ᠬᠦᠷᠲᠡᠯ᠎ᠡ ᠪᠠᠭᠤᠷᠠᠭᠤᠯᠵᠤ᠂ ᠳᠤᠮᠳᠠᠴᠢ ᠪᠠᠷ 0.5 ᠵᠠᠭᠤᠨ ᠤ ᠴᠡᠭ ᠣᠷᠴᠢᠮ ᠪᠠᠭᠤᠷᠠᠭᠤᠯᠬᠤ ᠪᠠᠷ ᠵᠢᠱᠢᠵᠦ ᠪᠣᠢ        ᠡᠨᠡ ᠬᠦ ᠳᠦᠷᠤ ᠶᠢᠨ ᠪᠣᠳᠣᠯᠭ᠎ᠠ ᠨᠢ 5000 ᠲᠦᠮᠡᠨ ᠡᠷᠣᠭᠡ ᠭᠡᠷ ᠪᠦᠯᠢ᠂ 1.5 ᠳ᠋ᠦᠩᠰᠢᠭᠤᠷ ᠬᠥᠮᠥᠨ ᠠᠮᠠ ᠳᠤ ᠠᠰᠢᠭ ᠬᠦᠷᠲᠡᠭᠡᠵᠦ᠂ ᠭᠡᠷ ᠪᠦᠯᠢ ᠶᠢᠨ ᠬᠦᠦ ᠮᠥᠩᠭᠦᠨ ᠤ ᠵᠠᠷᠤᠯᠭ᠎ᠠ ᠶᠢᠨ ᠶᠡᠷᠦᠩᠬᠡᠢ ᠲᠤᠭ᠎ᠠ ᠶᠢ ᠳᠤᠮᠳᠠᠴᠢ ᠪᠠᠷ ᠵᠢᠯ ᠪᠦᠷᠢ 1500 ᠳ᠋ᠦᠩᠰᠢᠭᠤᠷ ᠲᠥᠭᠦᠷᠢᠭ ᠣᠷᠴᠢᠮ ᠪᠠᠭᠠᠰᠬᠠᠬᠤ ᠪᠠᠷ ᠵᠢᠱᠢᠵᠦ ᠪᠣᠢ        ᠠᠩᠬᠠᠳᠠᠭᠴᠢ ᠢᠵᠢ ᠣᠷᠣᠨ ᠰᠠᠭᠤᠴᠠ᠂ ᠬᠤᠶᠠᠳᠤᠭᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭᠠᠬᠤ ᠦᠭᠡᠢ        ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠳᠤ ᠪᠠᠨ15% ᠠᠴᠠ ᠳᠣᠣᠷ᠎ᠠ ᠪᠠᠶᠢᠯᠭᠠᠬᠤ ᠦᠭᠡᠢ        ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠪᠠᠶᠢᠯᠭᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠤᠬᠠᠢ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠮᠡᠳᠡᠭᠳᠡᠯ ᠳᠤ᠂ ᠵᠢᠭᠡᠯᠡᠯᠭᠡ ᠪᠠᠷ ᠣᠷᠣᠨ ᠰᠠᠭᠤᠴᠠ ᠬᠤᠳᠠᠯᠳᠤᠨ ᠠᠪᠤᠭᠰᠠᠨ ᠰᠠᠭᠤᠭᠠᠯᠢ ᠠᠷᠠᠳ ᠤᠨ ᠭᠡᠷ ᠪᠦᠯᠢ ᠳᠤ᠂ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠠᠩᠬᠠᠳᠠᠭᠴᠢ ᠢᠵᠢ ᠪᠠ ᠬᠤᠶᠠᠳᠤᠭᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭᠠᠬᠤ ᠦᠭᠡᠢ ᠪᠠᠷ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠳᠤ ᠪᠠᠨ 15% ᠠᠴᠠ ᠳᠣᠣᠷ᠎ᠠ ᠪᠠᠶᠢᠯᠭᠠᠬᠤ ᠦᠭᠡᠢ ᠭᠡᠵᠡᠢ        ᠭᠡᠷ ᠪᠠᠶᠢᠰᠢᠩ ᠭᠠᠵᠠᠷ ᠬᠥᠷᠥᠩᠭᠡ ᠳᠤ ᠬᠤᠯᠪᠣᠭᠳᠠᠬᠤ ᠬᠤᠶᠠᠷ ᠵᠦᠢᠯ ᠤᠨ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠪᠠ        ᠡᠨᠡ ᠵᠢᠯ ᠤᠨ ᠰᠡᠭᠦᠯᠴᠢ ᠠᠴᠠ ᠡᠮᠦᠨ᠎ᠡ ᠬᠤᠭᠤᠴᠠᠭ᠎ᠠ ᠨᠢ ᠳᠠᠭᠤᠰᠬᠤ ᠡᠵᠡᠩᠨᠡᠯᠲᠡ ᠶᠢᠨ ᠴᠢᠨᠠᠷᠲᠠᠢ ᠠᠳᠠᠯ ᠠᠬᠤᠢ ᠶᠢᠨ ᠵᠢᠭᠡᠯᠡᠯᠭᠡ ᠪᠠ ︽ᠮᠥᠩᠭᠦᠨ ᠭᠦᠢᠯᠭᠡᠭᠡᠨ ᠤ 16 ᠵᠤᠷᠪᠤᠰ︾ ᠡᠨᠡ ᠬᠤᠶᠠᠷ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ 2026 ᠣᠨ ᠤ ᠡᠴᠦᠰ ᠪᠣᠯᠲᠠᠯ᠎ᠠ ᠤᠷᠲᠤᠳᠬᠠᠨ᠎ᠠ        ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨᠲᠠ ᠵᠢᠭᠡᠯᠡᠯᠭᠡ ᠲᠠᠯᠪᠢᠬᠤ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ        5 ᠳ᠋ᠤᠭᠠᠷ ᠰᠠᠷ᠎ᠠ ᠳᠤ ᠠᠷᠠᠳ ᠤᠨ ᠪᠠᠩᠬᠢ ᠶᠢᠨ ᠪᠠᠶᠢᠭᠤᠯᠤᠭᠰᠠᠨ 3000 ᠳ᠋ᠦᠩᠰᠢᠭᠤᠷ ᠲᠥᠭᠦᠷᠢᠭ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨᠲᠠ ᠵᠢᠭᠡᠯᠡᠯᠭᠡ ᠲᠠᠯᠪᠢᠬᠤ ᠳᠤ ᠲᠥᠪ ᠤᠨ ᠪᠠᠩᠬᠢ ᠶᠢᠨ ᠪᠡᠯᠡ ᠮᠥᠩᠭᠦᠨ ᠤ ᠳᠡᠮᠵᠢᠯᠭᠡ ᠶᠢᠨ ᠬᠠᠷᠢᠴᠠᠯ ᠢ ᠤᠤᠯ ᠤᠨ 60% ᠪᠠᠶᠢᠭᠰᠠᠨ ᠠᠴᠠ 100% ᠳᠤ ᠬᠦᠷᠲᠡᠯ᠎ᠡ ᠳᠡᠭᠡᠭᠰᠢᠯᠡᠭᠦᠯᠦᠨ᠎ᠡ        ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠦᠯᠡᠳᠡᠭᠡᠯ ᠭᠠᠵᠠᠷ ᠰᠢᠷᠣᠢ ᠶᠢ ᠬᠤᠳᠠᠯᠳᠤᠨ ᠠᠪᠬᠤ ᠶᠢ ᠳᠡᠮᠵᠢᠨ᠎ᠡ        ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠩᠬᠢ ᠪᠠ ᠬᠤᠳᠠᠯᠳᠤᠭᠠᠨ ᠤ ᠪᠠᠩᠬᠢ ᠨᠢ ᠨᠥᠬᠦᠴᠡᠯ ᠲᠠᠢ ᠠᠵᠤ ᠠᠬᠤᠶᠢᠯᠠᠯ ᠤᠳ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠠᠵᠠᠷ ᠰᠢᠷᠣᠢ ᠶᠢ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠳᠤ ᠵᠢᠭᠡᠯᠡᠯᠭᠡ ᠪᠠᠷ ᠳᠡᠮᠵᠢᠬᠦ ᠶᠢ ᠰᠤᠳᠤᠯᠤᠨ ᠵᠥᠪᠰᠢᠶᠡᠷᠡᠵᠦ᠂ ᠦᠯᠡᠳᠡᠭᠡᠯ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠵᠦ᠂ ᠭᠡᠷ ᠪᠠᠶᠢᠰᠢᠩ ᠤᠨ ᠠᠵᠤ ᠠᠬᠤᠶᠢᠯᠠᠯ ᠤᠨ ᠪᠡᠯᠡ ᠮᠥᠩᠭᠦᠨ ᠤ ᠳᠠᠷᠤᠭᠠᠰᠤ ᠶᠢ ᠨᠢ ᠬᠥᠩᠭᠡᠷᠡᠭᠦᠯᠦᠨ᠎ᠡ        ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠣᠮᠫᠠᠨᠢ ᠬᠤᠭᠤᠷᠣᠨᠳᠤ ᠪᠠᠨ ᠳᠥᠭᠦᠮᠯᠡᠵᠦ ᠰᠣᠯᠢᠯᠴᠠᠬᠤ ᠶᠢ ᠨᠢ ᠴᠣᠭᠴᠠᠯᠠᠨ ᠪᠠᠶᠢᠭᠤᠯᠤᠨ᠎ᠠ        ᠨᠥᠬᠦᠴᠡᠯ ᠳᠤ ᠨᠡᠶᠢᠴᠡᠬᠦ ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠣᠮᠫᠠᠨᠢ ᠶᠢᠨ ᠡᠳ᠋ ᠬᠥᠷᠥᠩᠭᠡ ᠳᠠᠨᠵᠢᠯᠠᠬᠤ ᠪᠠᠷ ᠳᠠᠮᠵᠢᠨ᠂ ᠲᠥᠪ ᠤᠨ ᠪᠠᠩᠬᠢ ᠠᠴᠠ ᠬᠥᠳᠡᠯᠦᠩᠭᠦᠢ ᠴᠢᠨᠠᠷ ᠣᠯᠵᠤ ᠠᠪᠬᠤ ᠶᠢ ᠨᠢ ᠳᠡᠮᠵᠢᠨ᠎ᠡ        ᠠᠩᠬᠠᠨ ᠤ ᠬᠤᠭᠤᠴᠠᠭᠠᠨ ᠤ ᠠᠵᠢᠯᠯᠠᠭᠠᠨ ᠤ ᠬᠡᠪᠴᠢᠶ᠎ᠡ ᠨᠢ 5000 ᠳ᠋ᠦᠩᠰᠢᠭᠤᠷ ᠲᠥᠭᠦᠷᠢᠭ ᠪᠣᠯᠣᠨ᠎ᠠ        ᠰᠲ᠋ᠣᠺ ᠢ ᠡᠭᠡᠭᠦᠯᠦᠨ ᠬᠤᠳᠠᠯᠳᠤᠨ ᠠᠪᠬᠤ ᠶᠢ ᠴᠣᠭᠴᠠᠯᠠᠨ ᠪᠠᠶᠢᠭᠤᠯᠤᠨ᠂ ᠲᠤᠰᠬᠠᠢ ᠵᠦᠢᠯ ᠢᠶᠠᠷ ᠳᠠᠬᠢᠨᠲᠠ ᠵᠢᠭᠡᠯᠡᠯᠭᠡ ᠲᠠᠯᠪᠢᠬᠤ ᠶᠢ ᠨᠢ ᠨᠡᠮᠡᠭᠳᠡᠭᠦᠯᠪᠡ        ᠬᠤᠳᠠᠯᠳᠤᠭᠠᠨ ᠤ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠰᠲ᠋ᠣᠺ ᠤᠨ ᠵᠠᠬ᠎ᠠ ᠳᠤ ᠭᠠᠷᠤᠭᠰᠠᠨ ᠺᠣᠮᠫᠠᠨᠢ ᠪᠣᠯᠣᠨ ᠭᠤᠣᠯ ᠬᠤᠪᠢ ᠣᠷᠣᠭᠤᠯᠤᠭᠴᠢ ᠳᠤ ᠵᠢᠭᠡᠯᠡᠯᠭᠡ ᠬᠠᠩᠭᠠᠵᠤ᠂ ᠰᠲ᠋ᠣᠺ ᠤᠨ ᠵᠠᠬ᠎ᠠ ᠳᠤ ᠭᠠᠷᠤᠭᠰᠠᠨ ᠺᠣᠮᠫᠠᠨᠢ ᠶᠢᠨ ᠰᠲ᠋ᠣᠺ ᠢ ᠡᠭᠡᠭᠦᠯᠦᠨ ᠬᠤᠳᠠᠯᠳᠤᠨ ᠠᠪᠬᠤ ᠪᠠ ᠨᠡᠮᠡᠵᠦ ᠠᠪᠬᠤ ᠳᠤ ᠬᠡᠷᠡᠭᠯᠡᠨ᠎ᠡ        ᠠᠩᠬᠠᠨ ᠤ ᠬᠤᠭᠤᠴᠠᠭᠠᠨ ᠤ ᠵᠣᠭᠤᠰ ᠤᠨ ᠲᠤᠭ᠎ᠠ ᠨᠢ 3000 ᠳ᠋ᠦᠩᠰᠢᠭᠤᠷ ᠲᠥᠭᠦᠷᠢᠭ        ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠤᠭᠤᠯᠬᠤ ᠶᠢ ᠶᠡᠭᠡ ᠪᠠᠷ ᠬᠥᠲᠥᠯᠥᠨ ᠵᠢᠯᠣᠭᠤᠳᠤᠨ᠎ᠠ        9 ᠳ᠋ᠦ᠋ᠭᠡᠷ ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠠᠨ ᠢᠶᠠᠷ ᠬᠥᠷᠥᠩᠭᠡ ᠶᠢᠨ ᠵᠠᠬ᠎ᠠ ᠳᠡᠯᠭᠡᠭᠦᠷ ᠢ ᠴᠢᠷᠮᠠᠶᠢᠨ ᠬᠥᠭᠵᠢᠭᠡᠵᠦ᠂ ᠳᠤᠮᠳᠠ ᠤᠷᠳᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠶᠡᠭᠡ ᠪᠠᠷ ᠬᠥᠲᠥᠯᠥᠨ ᠵᠢᠯᠤᠭᠤᠳᠴᠤ᠂ ᠨᠡᠶᠢᠭᠡᠮ ᠤᠨ ᠪᠠᠲᠤᠯᠠᠭ᠎ᠠ᠂ ᠳᠠᠭᠠᠳᠬᠠᠯ᠂ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠲᠦᠭᠵᠢᠷᠡᠯ ᠢ ᠨᠡᠪᠲᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ        ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠨᠢ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠡᠪᠯᠡᠯ ᠯᠦᠭᠡ ᠬᠤᠯᠪᠤᠭᠠᠯᠠᠨ ︽ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ        ᠤᠷᠲᠤ ᠬᠤᠭᠤᠴᠠᠭᠠᠨ ᠤ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠬᠥᠷᠥᠩᠭᠡ ᠶᠢᠨ ᠵᠠᠬ᠎ᠠ ᠳᠡᠯᠭᠡᠭᠦᠷ ᠤᠨ ᠠᠮᠢ ᠠᠬᠤᠢ ᠶᠢ ᠪᠦᠲᠦᠭᠡᠨ ᠪᠠᠶᠢᠭᠤᠯᠵᠤ ᠪᠣᠶᠢᠵᠢᠭᠤᠯᠤᠨ᠎ᠠ        ᠡᠷᠬᠡ ᠠᠰᠢᠭ ᠤᠨ ᠲᠥᠷᠥᠯ ᠤᠨ ᠢᠯᠡ ᠪᠠᠷ ᠴᠤᠭᠯᠠᠭᠤᠯᠬᠤ ᠰᠠᠭᠤᠷᠢ ᠮᠥᠩᠭᠦ ᠶᠢ ᠶᠡᠭᠡ ᠪᠠᠷ ᠬᠥᠭᠵᠢᠭᠦᠯᠵᠦ᠂ ᠬᠤᠪᠢ ᠪᠠᠷ ᠢᠶᠠᠨ ᠴᠤᠭᠯᠠᠭᠤᠯᠬᠤ ᠦᠨᠡᠲᠦ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠣᠭᠲᠠᠭᠤᠨ ᠢᠶᠠᠷ ᠬᠥᠭᠵᠢᠬᠦ ᠶᠢ ᠳᠡᠮᠵᠢᠨ᠎ᠡ        ᠡᠯ᠎ᠡ ᠲᠥᠷᠥᠯ ᠤᠨ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦᠨ ᠤ ᠵᠠᠬ᠎ᠠ ᠳᠡᠯᠭᠡᠭᠦᠷ ᠲᠤ ᠣᠷᠣᠬᠤ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠳᠦᠷᠢᠮ ᠢ ᠬᠦᠴᠦᠯᠡᠨ ᠲᠡᠭᠦᠯᠳᠡᠷᠵᠢᠭᠦᠯᠦᠨ᠎ᠡ        ᠵᠢᠵᠢᠭ ᠪᠢᠴᠢᠯ ᠠᠵᠤ ᠠᠬᠤᠶᠢᠯᠠᠯ ᠤᠨ ᠭᠠᠷᠳᠠᠮ ᠤᠨ ᠰᠦᠢᠳᠬᠡᠯ ᠢ ᠪᠠᠭᠤᠷᠠᠭᠤᠯᠬᠤ ᠶᠢ ᠵᠣᠷᠢᠭᠵᠢᠭᠤᠯᠤᠨ᠎ᠠ        9 ᠳ᠋ᠦ᠋ᠭᠡᠷ ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠲᠣᠭᠠᠴᠠᠭ᠎ᠠ ᠬᠢᠬᠦ ᠢᠯᠭᠠᠷᠠᠭᠤᠯᠤᠨ ᠪᠤᠳᠤᠬᠤ ᠨᠡᠶᠢᠭᠡᠮᠯᠢᠭ᠂ ᠳᠤᠮᠳᠠᠳᠤ ᠤᠯᠤᠰ ᠤᠨ ᠪᠠᠩᠬᠢ ᠶᠢᠨ ᠦᠢᠯᠡᠰ ᠤᠨ ᠨᠡᠶᠢᠭᠡᠮᠯᠢᠭ ︽ᠵᠢᠵᠢᠭ ᠪᠢᠴᠢᠯ ᠠᠵᠤ ᠠᠬᠤᠶᠢᠯᠠᠯ ᠤᠨ ᠲᠣᠭᠠᠴᠠᠭ᠎ᠠ ᠬᠢᠬᠦ ᠭᠠᠷ ᠭᠦᠢᠴᠡᠳᠬᠡᠯ ᠤᠨ ᠰᠦᠢᠳᠬᠡᠯ ᠢ ᠪᠠᠭᠤᠷᠠᠭᠤᠯᠬᠤ ᠶᠢ ᠵᠣᠷᠢᠭᠵᠢᠭᠤᠯᠬᠤ ᠲᠤᠬᠠᠢ ᠰᠠᠨᠠᠭᠠᠴᠢᠯᠠᠭ᠎ᠠ︾ ᠶᠢ ᠨᠡᠶᠢᠲᠡᠯᠡᠵᠦ᠂ ᠵᠢᠵᠢᠭ ᠪᠢᠴᠢᠯ ᠠᠵᠤ ᠠᠬᠤᠶᠢᠯᠠᠯ ᠤᠨ ᠲᠣᠭᠠᠴᠠᠭ᠎ᠠ ᠬᠢᠬᠦ ᠭᠠᠷ ᠭᠦᠢᠴᠡᠳᠬᠡᠯ ᠤᠨ ᠵᠠᠷᠤᠳᠠᠯ ᠢ ᠪᠠᠭᠤᠷᠠᠭᠤᠯᠬᠤ ᠶᠢ ᠵᠣᠷᠢᠭᠵᠢᠭᠤᠯᠪᠠ        2000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠪᠡᠯᠡ ᠮᠥᠩᠭᠦ ᠶᠢ ᠲᠤᠰᠬᠠᠶᠢᠯᠠᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠬᠡᠷᠡᠭᠯᠡᠭᠦᠯᠦᠨ᠎ᠡ        ᠡᠨᠡ ᠵᠢᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠢ ᠪᠦᠬᠦ ᠬᠦᠴᠦ ᠪᠠᠷ ᠪᠠᠲᠤᠯᠠᠬᠤ ᠶᠢᠨ ᠲᠥᠯᠥᠭᠡ᠂ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠤᠷᠢᠳ ᠢᠶᠠᠷ 2000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠪᠡᠯᠡ ᠮᠥᠩᠭᠦ ᠶᠢ ᠲᠤᠰᠬᠠᠶᠢᠯᠠᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠬᠡᠷᠡᠭᠯᠡᠭᠦᠯᠬᠦ ᠪᠠᠷ ᠲᠣᠬᠢᠷᠠᠭᠤᠯᠵᠤ᠂ ᠳᠠᠷᠠᠭ᠎ᠠ ᠪᠠᠷ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠴᠠᠭ ᠲᠤᠬᠠᠢ ᠳᠤ ᠨᠢ ᠪᠡᠯᠡ ᠮᠥᠩᠭᠦ ᠲᠣᠬᠢᠷᠠᠭᠤᠯᠵᠤ᠂ ᠲᠠᠷᠢᠶᠠᠴᠢᠳ ᠤᠨ ︽ᠠᠮᠤ ᠪᠤᠳᠠᠭ᠎ᠠ ᠶᠢ ᠨᠢ ᠬᠤᠳᠠᠯᠳᠤᠵᠤ ᠭᠠᠷᠭᠠᠬᠤ᠂ ᠵᠣᠭᠤᠰ ᠢ ᠨᠢ ᠭᠠᠷ ᠲᠤ ᠨᠢ ᠠᠳᠬᠤᠭᠤᠯᠬᠤ︾ ᠶᠢ ᠨᠢ ᠪᠠᠲᠤᠯᠠᠨ᠎ᠠ        ᠳᠥᠷᠪᠡᠳᠦᠭᠡᠷ ᠤᠯᠠᠷᠢᠯ ᠳᠤ ᠤᠯᠤᠰ ᠠᠴᠠ ᠣᠨᠴᠠᠭᠠᠶᠢᠯᠠᠨ ᠬᠡᠷᠡᠭᠯᠡᠭᠦᠯᠬᠦ ᠣᠨᠴᠠ ᠤᠷᠲᠤ ᠬᠤᠭᠤᠴᠠᠭᠠᠨ ᠤ ᠵᠢᠭᠡᠯᠡᠯᠭᠡ ᠶᠢ 6 ᠬᠤᠪᠢ ᠦᠷᠭᠦᠯᠵᠢᠯᠡᠨ ᠲᠠᠷᠬᠠᠭᠠᠬᠤ ᠪᠠᠷ ᠲᠥᠯᠥᠪᠯᠡᠵᠦ ᠪᠠᠶᠢᠨ᠎ᠠ        9 ᠳ᠋ᠦ᠋ᠭᠡᠷ ᠰᠠᠷ᠎ᠠ ᠶᠢᠨ 30 ᠤ ᠡᠳᠦᠷ᠂ ᠡᠳ᠋ ᠤᠨ ᠵᠠᠰᠠᠭ ᠤᠨ ᠶᠠᠮᠤᠨ 2024 ᠣᠨ ᠤ ᠳᠥᠷᠪᠡᠳᠦᠭᠡᠷ ᠤᠯᠠᠷᠢᠯ ᠤᠨ ᠤᠯᠤᠰ ᠤᠨ ᠵᠢᠭᠡᠯᠡᠯᠭᠡ ᠶᠢ ᠲᠠᠷᠬᠠᠭᠠᠬᠤ ᠬᠤᠯᠪᠣᠭᠳᠠᠯ ᠪᠦᠬᠦᠢ ᠲᠣᠬᠢᠷᠠᠭᠤᠯᠤᠯᠲᠠ ᠶᠢ ᠨᠡᠶᠢᠲᠡᠯᠡᠵᠦ᠂ ᠳᠥᠷᠪᠡᠳᠦᠭᠡᠷ ᠤᠯᠠᠷᠢᠯ ᠳᠤ ᠤᠯᠤᠰ ᠠᠴᠠ ᠣᠨᠴᠠᠭᠠᠶᠢᠯᠠᠨ ᠬᠡᠷᠡᠭᠯᠡᠭᠦᠯᠬᠦ ᠣᠨᠴᠠ ᠣᠷᠳᠣ ᠬᠤᠭᠤᠴᠠᠭᠠᠨ ᠤ ᠵᠢᠭᠡᠯᠡᠯᠭᠡ ᠶᠢ 6 ᠬᠤᠪᠢ ᠦᠷᠭᠦᠯᠵᠢᠯᠡᠨ ᠲᠠᠷᠬᠠᠭᠠᠬᠤ ᠪᠠᠷ ᠲᠥᠯᠥᠪᠯᠡᠵᠦ ᠪᠠᠶᠢᠨ᠎ᠠ       ᠬᠢᠯᠢ ᠠᠴᠠ ᠭᠠᠷᠬᠤ ᠠᠶᠠᠨᠴᠢᠳ ᠬᠤᠲᠠ ᠶᠢᠨ ᠳᠣᠲᠣᠷᠠᠬᠢ ᠭᠠᠶᠢᠯᠢ ᠶᠢ ᠬᠡᠯᠲᠦᠷᠢᠭᠦᠯᠬᠦ ᠳᠡᠯᠭᠡᠭᠦᠷ ᠠᠴᠠ ᠭᠠᠶᠢᠯᠢ ᠶᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ ᠳᠤ ᠲᠣᠭᠲᠠᠭᠰᠠᠨ ᠲᠤᠭ᠎ᠠ ᠭᠡᠵᠦ ᠦᠭᠡᠢ       ᠪᠣᠭᠤᠮᠲᠠ ᠶᠢᠨ ᠶᠡᠷᠦᠩᠬᠡᠢ ᠵᠠᠬᠢᠷᠭ᠎ᠠ ᠣᠷᠴᠢᠮᠬᠠᠨ ︽ᠪᠦᠭᠦᠲᠡ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠪᠣᠭᠤᠮᠲᠠ ᠬᠤᠲᠠ ᠶᠢᠨ ᠳᠣᠲᠣᠷᠠᠬᠢ ᠭᠠᠶᠢᠯᠢ ᠠᠴᠠ ᠬᠡᠯᠲᠦᠷᠢᠭᠦᠯᠬᠦ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠪᠡ᠃ ᠬᠢᠯᠢ ᠠᠴᠠ ᠭᠠᠷᠬᠤ ᠠᠶᠠᠨᠴᠢᠳ ᠬᠤᠲᠠ ᠶᠢᠨ ᠳᠣᠲᠣᠷᠠᠬᠢ ᠭᠠᠶᠢᠯᠢ ᠶᠢ ᠬᠡᠯᠲᠦᠷᠢᠭᠦᠯᠬᠦ ᠳᠡᠯᠭᠡᠭᠦᠷ ᠠᠴᠠ ᠭᠠᠶᠢᠯᠢ ᠶᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ ᠳᠤ ᠨᠢ ᠪᠠᠷᠠᠭ᠎ᠠ ᠬᠤᠳᠠᠯᠳᠤᠨ ᠠᠪᠬᠤ ᠲᠣᠭᠲᠠᠭᠰᠠᠨ ᠲᠤᠭ᠎ᠠ ᠲᠣᠭᠲᠠᠭᠠᠬᠤ ᠦᠭᠡᠢ᠂ ᠭᠡᠪᠡᠴᠦ ᠠᠶᠠᠨᠴᠢᠳ ᠤᠨ ᠠᠪᠴᠤ ᠶᠠᠪᠤᠭ᠎ᠠ ᠡᠳ᠋ ᠪᠠᠷᠠᠭ᠎ᠠ ᠨᠢ ᠬᠢᠯᠢ ᠪᠠᠷ ᠣᠷᠣᠭᠤᠯᠵᠤ ᠭᠠᠷᠭᠠᠬᠤ ᠳᠤ ᠥᠪᠡᠷᠲᠡᠭᠡᠨ ᠬᠡᠷᠡᠭᠯᠡᠬᠦ᠂ ᠵᠦᠢ ᠵᠣᠬᠢᠰᠲᠠᠢ ᠲᠤᠭ᠎ᠠ ᠪᠠᠷ ᠬᠢᠵᠠᠭᠠᠷᠯᠠᠬᠤ ᠪᠣᠭᠤᠳᠠᠯ ᠪᠠᠭᠯᠠᠭ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ       ᠪᠡᠭᠡᠵᠢᠩ      ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠪᠠ      ᠬᠤᠶᠠᠳᠤᠭᠠᠷ ᠢᠵᠢ ᠭᠡᠷ ᠪᠠᠶᠢᠰᠢᠩ ᠤᠨ ᠬᠤᠳᠠᠯᠳᠤᠭᠠᠨ ᠤ ᠵᠢᠭᠡᠯᠡᠯᠭᠡ ᠶᠢᠨ ᠠᠩᠬ᠎ᠠ ᠲᠤᠰᠢᠶᠠᠬᠤ ᠮᠥᠩᠭᠦ ᠶᠢ ᠬᠠᠮᠤᠭ ᠤᠨ ᠳᠣᠣᠷ᠎ᠠ ᠳᠤ ᠪᠠᠨ 20% ᠠᠴᠠ ᠳᠣᠣᠷ᠎ᠠ ᠪᠠᠶᠢᠯᠭᠠᠬᠤ ᠦᠭᠡᠢ      ᠪᠡᠭᠡᠵᠢᠩ ᠠᠴᠠ ᠪᠤᠰᠤᠳ ᠡᠷᠦᠬᠡ ᠠᠮᠠ ᠲᠠᠢ ᠬᠥᠮᠥᠨ ᠭᠡᠷ ᠪᠠᠶᠢᠰᠢᠩ ᠬᠤᠳᠠᠯᠳᠤᠨ ᠠᠪᠬᠤ ᠳᠤ ᠨᠡᠶᠢᠭᠡᠮ ᠤᠨ ᠪᠠᠲᠤᠯᠠᠭ᠎ᠠ ᠲᠤᠰᠢᠶᠠᠬᠤ ᠬᠤᠭᠤᠴᠠᠭ᠎ᠠ ᠶᠢ ᠨᠢ ᠳᠣᠷᠣᠭᠰᠢᠯᠠᠭᠤᠯᠪᠠ      ᠪᠡᠭᠡᠵᠢᠩ ᠤᠨ ᠡᠷᠦᠬᠡ ᠠᠮᠠ ᠲᠠᠢ ᠬᠤᠶᠠᠷ ᠠᠴᠠ ᠳᠡᠭᠡᠭᠰᠢ ᠬᠡᠦᠬᠡᠳ ᠲᠠᠢ ᠭᠡᠷ ᠪᠦᠯᠢ ᠨᠢ ᠭᠡᠷ ᠪᠠᠶᠢᠰᠢᠩ ᠬᠤᠳᠠᠯᠳᠤᠨ ᠠᠪᠬᠤ ᠳᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠥᠭᠬᠦ ᠬᠡᠮᠵᠢᠶ᠎ᠡ ᠶᠢ 40 ᠲᠦᠮᠡᠨ ᠲᠥᠭᠦᠷᠢᠭ ᠥᠰᠬᠡᠪᠡ      1000 ᠲᠦᠮᠡᠨ ᠲᠥᠭᠦᠷᠢᠭ ᠤᠨ ᠺᠢᠨᠣ᠋ ᠦᠵᠡᠬᠦ ᠨᠥᠬᠦᠪᠦᠷᠢ ᠣᠯᠭᠤᠨ᠎ᠠ      ᠪᠦᠬᠦ ᠬᠤᠲᠠ ᠶᠢᠨ 250 ᠭᠠᠷᠤᠢ ᠡᠵᠡᠩᠨᠡᠵᠦ ᠪᠠᠶᠢᠭ᠎ᠠ ᠺᠢᠨᠣ᠋ ᠲᠢᠶᠠᠲᠷ ᠢ ᠬᠠᠮᠤᠷᠴᠤ᠂ 100 ᠲᠦᠮᠡ ᠰᠢᠬᠠᠮ ᠬᠥᠮᠥᠨ ᠤᠳᠠᠭ᠎ᠠ ᠳᠤ ᠠᠰᠢᠭ ᠬᠦᠷᠲᠡᠭᠡᠬᠦ ᠪᠠᠷ ᠵᠢᠱᠢᠵᠦ ᠪᠣᠢ      ᠱᠠᠩᠬᠠᠢ      ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ      ᠱᠠᠩᠬᠠᠢ ᠠᠴᠠ ᠪᠤᠰᠤᠳ ᠡᠷᠦᠬᠡ ᠠᠮᠠ ᠲᠠᠢ ᠰᠠᠭᠤᠭᠠᠯᠢ ᠠᠷᠠᠳ ᠭᠠᠳᠠᠷ ᠴᠠᠭᠠᠷᠢᠭ ᠠᠴᠠ ᠭᠠᠳᠠᠨᠠᠬᠢ ᠣᠷᠣᠨ ᠰᠠᠭᠤᠴᠠ ᠶᠢ ᠬᠤᠳᠠᠯᠳᠤᠨ ᠠᠪᠬᠤ ᠳᠤ ᠬᠡᠷᠡᠭᠰᠡᠬᠦ ᠨᠡᠶᠢᠭᠡᠮ ᠤᠨ ᠪᠠᠲᠤᠯᠠᠭ᠎ᠠ ᠪᠤᠶᠤ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠣᠨ ᠤ ᠬᠢᠵᠠᠭᠠᠷ ᠢ ᠨᠢ ᠪᠣᠭᠤᠨᠢᠰᠬᠠᠪᠠ      ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ︽25% ᠠᠴᠠ ᠳᠣᠣᠷ᠎ᠠ ᠪᠠᠶᠢᠯᠭᠠᠬᠤ ᠦᠭᠡᠢ︾ ᠭᠡᠵᠦ ᠲᠣᠬᠢᠷᠠᠭᠤᠯᠪᠠ      ᠬᠤᠪᠢ ᠬᠥᠮᠥᠨ ᠤ ᠭᠠᠳᠠᠭᠰᠢ ᠪᠣᠷᠣᠯᠠᠭᠤᠯᠤᠭᠰᠠᠨ ᠣᠷᠣᠨ ᠰᠠᠭᠤᠴᠠ ᠶᠢᠨ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠵᠢᠯ ᠤᠨ ᠬᠢᠵᠠᠭᠠᠷ ᠢ 5 ᠵᠢᠯ ᠪᠠᠶᠢᠭᠰᠠᠨ ᠠᠴᠠ 2 ᠵᠢᠯ ᠪᠣᠯᠭᠠᠨ ᠲᠣᠬᠢᠷᠠᠭᠤᠯᠪᠠ      ᠲᠣᠰ ᠬᠤᠲᠠ ᠶᠢᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠬᠦᠴᠦᠯᠡᠨ ᠳᠡᠮᠵᠢᠨ᠎ᠡ      ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠲᠠᠮᠵᠢᠵᠤ᠂ ᠬᠠᠮᠤᠭ ᠤᠨ ᠥᠨᠳᠥᠷ ᠲᠤ ᠪᠠᠨ 2 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ      ᠬᠥᠬᠡᠨᠠᠭᠤᠷ ᠮᠤᠵᠢ      ᠡᠯ᠎ᠡ ᠬᠤᠲᠠ ᠶᠢᠨ ᠵᠠᠰᠠᠭ ᠤᠨ ᠣᠷᠳᠣᠨ ᠤ ᠭᠤᠣᠯ ᠴᠣᠭᠴᠠ ᠭᠡᠷ ᠪᠠᠶᠢᠰᠢᠩ ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠲᠦᠷᠦ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠵᠤ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠭᠡᠷ ᠪᠦᠯᠢ ᠳᠤ ᠨᠥᠬᠦᠪᠦᠷᠢ ᠣᠯᠭᠤᠨ᠎ᠠ      ᠹᠦᠵᠢᠶᠠᠨ ᠮᠤᠵᠢ      ᠡᠯ᠎ᠡ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠬᠤ ᠶᠢ ᠬᠢᠵᠠᠭᠠᠷᠯᠠᠬᠤ᠂ ᠦᠨ᠎ᠡ ᠶᠢ ᠬᠢᠵᠠᠭᠠᠷᠯᠠᠬᠤ ᠶᠢ ᠴᠤᠴᠠᠯᠬᠤ ᠶᠢ ᠳᠡᠮᠵᠢᠵᠦ᠂ ᠨᠢᠭᠡᠨᠲᠡ ᠴᠤᠴᠠᠯᠤᠭᠰᠠᠨ ᠢ ᠨᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠤᠴᠠᠯᠤᠭᠠᠳᠤᠢ ᠶᠢ ᠨᠢ ᠰᠢᠮᠳᠠᠭᠤᠯᠤᠨ ᠦᠨᠡᠯᠡᠨ᠎ᠡ      ᠨᠥᠬᠦᠴᠡᠯ ᠲᠠᠢ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠨᠥᠬᠦᠪᠦᠷᠢ ᠣᠯᠭᠤᠬᠤ ᠶᠢ ᠨᠢ ᠳᠡᠮᠵᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠳ ᠪᠦᠯᠬᠦᠮ ᠢᠶᠠᠷ ᠬᠤᠳᠠᠯᠳᠤᠨ ᠠᠪᠬᠤ ᠳᠤ ᠬᠠᠷᠠᠭᠠᠯᠵᠠᠯ ᠦᠵᠡᠭᠦᠯᠬᠦ ᠶᠢ ᠨᠢ ᠵᠣᠷᠢᠭᠵᠢᠭᠤᠯᠤᠨ᠎ᠠ      ᠰᠢᠶᠠᠮᠧᠨ      ᠣᠷᠣᠨ ᠰᠠᠭᠤᠴᠠ ᠬᠤᠳᠠᠯᠳᠤᠬᠤ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠪᠠ      ᠣᠷᠣᠨ ᠰᠠᠭᠤᠴᠠ ᠶᠢᠨ ᠢᠵᠢ ᠲᠤᠭ᠎ᠠ ᠶᠢ ᠣᠷᠣᠨ ᠰᠠᠭᠤᠴᠠ ᠬᠤᠳᠠᠯᠳᠤᠨ ᠠᠪᠬᠤ ᠪᠠᠷ ᠪᠠᠶᠢᠭ᠎ᠠ ᠭᠠᠵᠠᠷ ᠤᠨ ᠲᠣᠭᠤᠷᠢᠭ ᠤᠨ ᠬᠡᠪᠴᠢᠶᠡᠨ ᠳᠤ ᠦᠨᠡᠮᠰᠢᠨ᠎ᠡ      ᠾᠧᠨᠠᠨ ᠮᠤᠵᠢ      ᠬᠤᠳᠠᠯᠳᠤᠨ ᠠᠪᠬᠤ ᠬᠢᠵᠠᠭᠠᠷᠯᠠᠯ ᠢ ᠪᠥᠬᠦ ᠲᠠᠯ᠎ᠠ ᠪᠠᠷ ᠴᠤᠴᠠᠯᠪᠠ       ᠡᠯ᠎ᠡ ᠭᠠᠵᠠᠷ ᠤᠨ ᠬᠢᠨ ᠪᠡᠶ᠎ᠡ ᠪᠠᠨ ᠳᠠᠭᠠᠭᠠᠵᠤ ᠨᠥᠬᠦᠪᠦᠷᠢ ᠣᠯᠭᠤᠬᠤ ᠠᠷᠭ᠎ᠠ ᠬᠡᠮᠵᠢᠶ᠎ᠡ ᠲᠣᠭᠲᠠᠭᠠᠬᠤ ᠶᠢ  ᠨᠢ ᠵᠣᠷᠢᠭᠵᠢᠭᠤᠯᠵᠤ᠂ ᠬᠠᠭᠤᠴᠢᠨ ᠭᠡᠷ ᠪᠠᠶᠢᠰᠢᠩ ᠢ ᠵᠠᠰᠠᠵᠤ ᠴᠢᠮᠡᠬᠦ᠂ ᠲᠣᠭᠤᠭᠠᠨ ᠭᠡᠷ ᠵᠣᠷᠯᠣᠩ ᠵᠡᠷᠭᠡ ᠬᠡᠰᠡᠭ ᠭᠠᠵᠠᠷ ᠢ ᠥᠭᠡᠷᠡᠴᠢᠯᠡᠨ ᠵᠠᠰᠠᠬᠤ ᠪᠠ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠨ ᠵᠠᠰᠠᠬᠤ ᠵᠡᠷᠭᠡ ᠳᠤ ᠬᠡᠷᠡᠭᠰᠡᠬᠦ ᠡᠳ᠋ ᠪᠣᠳᠠᠰ ᠪᠣᠯᠣᠨ ᠮᠠᠲ᠋ᠧᠷᠢᠶᠠᠯ ᠳᠤ ᠨᠥᠬᠦᠪᠦᠷᠢ ᠣᠯᠭᠤᠵᠤ᠂ ᠢᠵᠢ ᠪᠦᠷᠢ ᠳᠤ ᠬᠠᠮᠤᠭ ᠤᠨ ᠥᠨᠳᠥᠷ ᠲᠤ ᠪᠠᠨ 2 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ       ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠲᠤᠭ᠎ᠠ ᠶᠢᠨ ᠳᠡᠭᠡᠳᠦ ᠬᠢᠵᠠᠭᠠᠷ ᠢ ᠵᠦᠢ ᠵᠣᠬᠢᠰᠲᠠᠢ ᠳᠡᠭᠡᠭᠰᠢᠯᠡᠭᠦᠯᠬᠦ ᠶᠢ ᠨᠢ ᠳᠡᠮᠵᠢᠵᠦ᠂ ᠣᠯᠠᠨ ᠬᠡᠦᠬᠡᠳ ᠲᠠᠢ ᠭᠡᠷ ᠪᠦᠯᠢ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠠᠪᠴᠢᠷᠠᠬᠤ ᠵᠡᠷᠭᠡ ᠳᠤ 20% ᠪᠠᠷ ᠵᠢᠭᠡᠯᠡᠯᠭᠡ ᠶᠢᠨ ᠲᠤᠭ᠎ᠠ ᠶᠢ ᠨᠢ ᠳᠡᠭᠡᠭᠰᠢᠯᠡᠭᠦᠯᠵᠦ ᠪᠣᠯᠣᠨ᠎ᠠ      ᠭᠤᠸᠠᠩᠳᠦ᠋ᠩ ᠮᠤᠵᠢ      ᠭᠤᠸᠠᠩᠵᠧᠦ      ᠪᠦᠬᠦ ᠬᠤᠲᠠ ᠶᠢᠨ ᠬᠡᠪᠴᠢᠶᠡᠨ ᠳᠤ ᠣᠷᠣᠨ ᠰᠠᠭᠤᠴᠠ ᠬᠤᠳᠠᠯᠳᠤᠨ ᠠᠪᠬᠤ ᠳᠤ ᠭᠡᠷ ᠪᠠᠶᠢᠰᠢᠩ ᠬᠤᠳᠠᠯᠳᠤᠨ ᠠᠪᠬᠤ ᠬᠢᠷᠢ ᠬᠡᠮ ᠢ ᠨᠢ ᠳᠠᠬᠢᠵᠤ ᠬᠢᠨᠠᠨ ᠬᠠᠷᠭᠤᠭᠤᠯᠬᠤ ᠦᠭᠡᠢ ᠪᠣᠯᠵᠤ᠂ ᠭᠡᠷ ᠪᠠᠶᠢᠰᠢᠩ ᠬᠤᠳᠠᠯᠳᠤᠨ ᠠᠪᠬᠤ ᠲᠤᠭ᠎ᠠ ᠶᠢ ᠨᠢ ᠳᠠᠬᠢᠵᠤ ᠬᠢᠵᠠᠭᠠᠷᠯᠠᠬᠤ ᠦᠭᠡᠢ ᠪᠣᠯᠪᠠ     ᠱᠧᠨᠵᠧᠨ      ᠲᠣᠭᠤᠷᠢᠭ ᠬᠤᠪᠢᠶᠠᠨ ᠣᠷᠣᠨ ᠰᠠᠭᠤᠴᠠ ᠬᠤᠳᠠᠯᠳᠤᠨ ᠠᠪᠬᠤ ᠶᠢ ᠨᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠪᠡ      ᠲᠠᠸᠠᠷ ᠤᠨ ᠣᠷᠣᠨ ᠰᠠᠭᠤᠴᠠ ᠪᠠ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠪᠠᠶᠢᠷᠢ ᠶᠢᠨ ᠰᠢᠯᠵᠢᠭᠦᠯᠦᠨ ᠥᠭᠬᠦ ᠬᠢᠵᠠᠭᠠᠷᠯᠠᠯ ᠢ ᠴᠤᠴᠠᠯᠪᠠ      ᠲᠠᠸᠠᠷ ᠤᠨ ᠣᠷᠣᠨ ᠰᠠᠭᠤᠴᠠ ᠪᠠ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠪᠠᠶᠢᠷᠢ ᠶᠢᠨ ᠦᠨ᠎ᠡ ᠬᠠᠩᠰᠢ ᠶᠢ ᠳᠠᠩᠰᠠᠯᠠᠬᠤ ᠴᠤᠪᠤᠷᠠᠯ ᠢ ᠰᠢᠯᠢᠳᠡᠭᠵᠢᠭᠦᠯᠪᠡ      ᠬᠤᠪᠢ ᠬᠥᠮᠥᠨ ᠤ ᠣᠷᠣᠨ ᠰᠠᠭᠤᠴᠠ ᠶᠢᠨ ᠰᠢᠯᠵᠢᠭᠦᠯᠦᠨ ᠥᠭᠬᠦ ᠥᠷᠲᠡᠭ ᠨᠡᠮᠡᠭᠳᠡᠯ ᠤᠨ ᠭᠠᠶᠢᠯᠢ ᠶᠢᠨ ᠲᠠᠲᠠᠪᠤᠷᠢᠯᠠᠬᠤ ᠠᠴᠠ ᠬᠡᠯᠲᠦᠷᠢᠭᠦᠯᠬᠦ ᠵᠢᠯ ᠤᠨ ᠬᠢᠵᠠᠭᠠᠷ ᠢ 5 ᠵᠢᠯ ᠪᠠᠶᠢᠭᠰᠠᠨ ᠠᠴᠠ 2 ᠵᠢᠯ ᠪᠣᠯᠭᠠᠨ ᠲᠣᠬᠢᠷᠠᠭᠤᠯᠪᠠ      ᠹᠥᠸᠧ ᠱᠠᠨ      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠭᠠᠷᠭᠠᠨ ᠠᠪᠴᠤ ᠣᠷᠣᠨ ᠰᠠᠭᠤᠴᠠ ᠬᠤᠳᠠᠯᠳᠤᠨ ᠠᠪᠬᠤ ᠠᠩᠬ᠎ᠠ ᠲᠤᠰᠢᠶᠠᠬᠤ ᠵᠣᠭᠤᠰ ᠲᠥᠯᠥᠬᠦ ᠶᠢ ᠨᠢ ᠵᠥᠪᠰᠢᠶᠡᠷᠡᠨ᠎ᠡ      ᠵᠢᠶᠠᠩᠰᠤ ᠮᠤᠵᠢ      ᠨᠠᠨᠵᠢᠩ      20 ᠳ᠋ᠦᠩᠰᠢᠭᠤᠷ ᠲᠥᠭᠦᠷᠢᠭ ᠣᠷᠴᠢᠮ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠳᠬᠡᠵᠦ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ 9 ᠲᠠᠯ᠎ᠠ ᠶᠢᠨ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠳᠡᠮᠵᠢᠨ᠎ᠡ      ᠦ᠋ ᠰᠢ      ᠪᠠᠶᠢᠭ᠎ᠠ ᠲᠣᠭᠤᠷᠢᠭ ᠢᠶᠠᠷ ᠨᠢ ᠠᠩᠬᠠᠳᠠᠭᠴᠢ ᠢᠵᠢ ᠣᠷᠣᠨ ᠰᠠᠭᠤᠴᠠ ᠶᠢ ᠨᠢ ᠦᠨᠡᠮᠰᠢᠨ᠎ᠡ      ᠲᠤᠷᠰᠢᠯᠲᠠ ᠶᠢᠨ ᠴᠡᠭ ᠨᠢ ᠬᠠᠮᠲᠤ ᠪᠠᠷ ᠥᠮᠴᠢᠯᠡᠬᠦ ᠡᠷᠬᠡ ᠶᠢᠨ ᠬᠡᠯᠪᠡᠷᠢ ᠪᠠᠷ ᠣᠨᠴᠠ ᠲᠣᠭᠲᠠᠭᠰᠠᠨ ᠬᠥᠮᠥᠰ ᠲᠤ ᠲᠠᠸᠠᠷ ᠤᠨ ᠣᠷᠣᠨ ᠰᠠᠭᠤᠴᠠ ᠬᠤᠳᠠᠯᠳᠤᠨ᠎ᠠ      ᠬᠤᠪᠧᠢ ᠮᠤᠵᠢ      ᠦᠬᠠᠨ      10 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠣᠷᠣᠨ ᠰᠠᠭᠤᠴᠠ ᠬᠤᠳᠠᠯᠳᠤᠨ ᠠᠪᠬᠤ ᠬᠠᠷᠠᠭᠠᠯᠵᠠᠯ ᠤᠨ ᠳᠡᠮᠵᠢᠯᠭᠡ ᠦᠵᠡᠭᠦᠯᠵᠦ᠂ ᠠᠩᠬᠠᠳᠠᠭᠴᠢ ᠢᠵᠢ ᠣᠷᠣᠨ ᠰᠠᠭᠤᠴᠠ ᠳᠤ ᠣᠷᠣᠨ ᠰᠠᠭᠤᠴᠠ ᠬᠤᠳᠠᠯᠳᠤᠨ ᠠᠪᠬᠤ ᠭᠡᠷ᠎ᠡ ᠶᠢᠨ ᠭᠠᠶᠢᠯᠢ ᠶᠢ ᠬᠠᠮᠤᠭ ᠤᠨ ᠥᠨᠳᠥᠷ ᠲᠤ ᠪᠠᠨ ᠪᠥᠬᠦ ᠲᠤᠭ᠎ᠠ ᠪᠠᠷ ᠨᠢ ᠨᠥᠬᠦᠪᠦᠷᠢᠯᠡᠵᠦ ᠪᠣᠯᠣᠨ᠎ᠠ      ᠡᠩ ᠤᠨ ᠣᠷᠣᠨ ᠰᠠᠭᠤᠴᠠ ᠪᠣᠯᠣᠨ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠴᠤᠴᠠᠯᠪᠠ      ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠳ ᠢᠵᠢ ᠳᠣᠲᠣᠷᠠᠬᠢ ᠳᠡᠯᠡᠪᠡᠢ ᠪᠤᠶᠤ ᠢᠵᠢ ᠪᠠᠷ ᠦᠨ᠎ᠡ ᠪᠤᠳᠣᠬᠤ ᠠᠷᠭ᠎ᠠ ᠮᠠᠶ᠋ᠢᠭ ᠢ ᠰᠣᠩᠭᠤᠵᠤ ᠲᠠᠸᠠᠷ ᠤᠨ ᠣᠷᠣᠨ ᠰᠠᠭᠤᠴᠠ ᠪᠠᠨ ᠪᠣᠷᠣᠯᠠᠭᠤᠯᠬᠤ ᠶᠢ ᠨᠢ ᠵᠣᠷᠢᠭᠵᠢᠭᠤᠯᠤᠨ᠎ᠠ      ᠱᠠᠨᠳᠦ᠋ᠩ ᠮᠤᠵᠢ      ᠵᠢᠨᠠᠨ      ᠬᠤᠶᠠᠷ ᠵᠢᠴᠢ ᠲᠡᠭᠦᠨ ᠠᠴᠠ ᠳᠡᠭᠡᠭᠰᠢᠬᠢ ᠬᠡᠦᠬᠡᠳ ᠲᠠᠢ ᠭᠡᠷ ᠪᠦᠯᠢ ᠨᠢ ᠵᠢᠨᠠᠨ ᠬᠤᠲᠠ ᠠᠴᠠ ᠥᠪᠡᠰᠦᠪᠡᠨ ᠰᠠᠭᠤᠬᠤ ᠡᠩ ᠤᠨ ᠣᠷᠣᠨ ᠰᠠᠭᠤᠴᠠ ᠬᠤᠳᠠᠯᠳᠤᠨ ᠠᠪᠬᠤ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠭᠤᠶᠤᠴᠢᠯᠠᠭᠰᠠᠨ ᠪᠣᠯ᠂ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠶᠢ ᠭᠡᠷ ᠪᠦᠯᠢ ᠶᠢᠨ ᠲᠤᠰ ᠬᠤᠭᠤᠴᠠᠭᠠᠨ ᠤ ᠬᠠᠮᠤᠭ ᠤᠨ ᠥᠨᠳᠥᠷ ᠵᠢᠭᠡᠯᠡᠯᠭᠡ ᠶᠢᠨ ᠬᠢᠵᠠᠭᠠᠷ ᠲᠤᠭ᠎ᠠ ᠶᠢ ᠦᠨᠳᠦᠰᠦᠯᠡᠨ 30% ᠪᠠᠷ ᠥᠰᠬᠡᠨ᠎ᠡ      ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠬᠡᠷᠡᠭᠯᠡᠵᠦ ᠥᠩᠭᠡᠷᠡᠭᠰᠡᠨ ᠦᠭᠡᠢ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠤ ᠭᠡᠷ ᠪᠦᠯᠢ ᠨᠢ ᠬᠤᠶᠠᠳᠤᠭᠠᠷ ᠢᠵᠢ ᠣᠷᠣᠨ ᠰᠠᠭᠤᠴᠠ ᠬᠤᠳᠠᠯᠳᠤᠨ ᠠᠪᠬᠤ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠭᠤᠶᠤᠴᠢᠯᠠᠭᠰᠠᠨ ᠪᠣᠯ᠂ ᠠᠩᠬᠠᠳᠠᠭᠴᠢ ᠣᠷᠣᠨ ᠰᠠᠭᠤᠴᠠ ᠪᠠᠷ ᠦᠨᠡᠮᠰᠢᠨ᠎ᠡ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号