ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠢᠨ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠶᠢᠨ ᠾᠧ ᠪᠠᠯᠭᠠᠰᠤᠨ ᠳᠤ ᠣᠷᠣᠪᠠ
ᠨᠡᠶᠢᠲᠡᠯᠡᠭᠰᠡᠨ ᠴᠠᠭ᠄
2024/10/12
     ᠣᠶᠢᠷ᠎ᠠ ᠶᠢᠨ ᠵᠢᠯ ᠂ ᠰᠠᠶᠢᠬᠠᠨ ᠲᠣᠭᠤᠷᠢᠭ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠬᠤ ᠪᠠ ᠦᠢᠯᠡᠳᠦᠯᠭᠡᠵᠢᠭᠦᠯᠬᠦ ᠶᠢ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠰᠠᠭᠤᠷᠢ ᠶᠢ ᠴᠢᠩᠭᠠᠳᠬᠠᠬᠤ ᠭᠤᠣᠯ ᠡᠭᠦᠷᠭᠡ ᠪᠣᠯᠭᠠᠬᠤ ᠪᠠᠷ ᠴᠢᠷᠮᠠᠶᠢᠵᠤ᠂ ᠥᠷᠭᠡᠨ ᠤᠯᠠᠨ ᠺᠠᠳ᠋ᠷ ᠤᠯᠠᠨ ᠲᠦᠮᠡᠨ ᠤ ᠦᠯᠢᠭᠡᠷ ᠳᠠᠭᠤᠷᠢᠶᠠᠯ ᠠᠴᠠ ᠰᠤᠷᠤᠯᠴᠠᠬᠤ᠂ ᠦᠯᠢᠭᠡᠷ ᠳᠠᠭᠤᠷᠢᠶᠠᠯ ᠠᠴᠠ ᠬᠦᠨᠳᠦᠳᠬᠡᠬᠦ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠶᠢ ᠢᠳᠡᠪᠬᠢᠲᠡᠢ ᠰᠠᠨᠠᠭᠠᠴᠢᠯᠠᠪᠠ᠃ 10 ᠰᠠᠷ᠎ᠠ ᠶᠢᠨ 9 ᠤ ᠡᠳᠦᠷ᠂ ᠬᠥᠬᠡᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠬᠢᠯᠡᠵᠦ᠂ ᠰᠠᠶᠢᠬᠠᠨ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠶᠢᠨ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ︽ᠳ᠋ᠧ ᠶᠣᠣ ᠴᠢᠩ ᠴᠧᠩ · ᠦᠯᠢᠭᠡᠷ ᠳᠠᠭᠤᠷᠢᠶᠠᠯ ᠤᠨ ᠬᠦᠴᠦᠨ︾ 2024 ᠣᠨ ᠤ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠢ ᠰᠤᠷᠤᠯᠴᠠᠨ ᠤᠬᠠᠭᠤᠯᠬᠤ ᠠᠵᠢᠯᠯᠠᠭ᠎ᠠ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠳᠤ ᠬᠥᠭᠵᠢᠶᠡᠨᠲᠡᠢ ᠶᠠᠪᠤᠭᠳᠠᠪᠠ᠃ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠺᠠᠳ᠋ᠷ᠂ ᠬᠤᠲᠠ ᠶᠢᠨ ᠶᠢᠨ ᠾᠧ ᠪᠠᠯᠭᠠᠰᠤᠨ ᠤ ᠱᠦ ᠭᠤᠸᠠᠩ ᠲᠣᠰᠬᠤᠨ ᠳᠤ ᠲᠣᠮᠢᠯᠠᠨ ᠰᠠᠭᠤᠯᠭᠠᠭᠰᠠᠨ ᠨᠢᠭᠡᠳᠦᠭᠡᠷ ᠱᠦᠵᠢ ᠯᠢ ᠬᠠᠢ ᠷᠦᠢ ᠵᠢᠴᠢ ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠪᠣᠯᠪᠠᠰᠤᠨ ᠭᠡᠷ ᠪᠦᠯᠢ ᠶᠢᠨ ᠲᠥᠯᠥᠭᠡᠯᠡᠭᠴᠢ ᠴᠧᠨ ᠵᠢᠦ ᠫᠢᠩ ᠢ ᠤᠷᠢᠵᠤ ᠤᠬᠠᠭᠤᠯᠤᠨ ᠲᠠᠶᠢᠯᠪᠤᠷᠢᠯᠠᠭᠰᠠᠨ ᠬᠦᠨᠳᠦᠲᠦ ᠵᠣᠴᠢᠨ ᠪᠣᠯᠭᠠᠪᠠ᠃            ᠯᠢ ᠬᠠᠢ ᠷᠦᠢ 2018 ᠣᠨ ᠤ 3 ᠰᠠᠷ᠎ᠠ ᠠᠴᠠ ᠡᠬᠢᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠤᠭ ᠤᠨ ᠡᠮᠦᠨ᠎ᠡ ᠹᠷᠣᠨᠲ ᠢ ᠢᠮᠠᠭᠲᠠ ᠪᠠᠲᠤ ᠰᠠᠬᠢᠵᠤ᠂ ᠤᠯᠠᠨ ᠲᠣᠰᠬᠤᠨ ᠳᠤ ᠤᠯᠠ ᠮᠥᠷ ᠦᠯᠡᠳᠡᠵᠡᠢ᠃ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠳᠤ ᠬᠦᠴᠦᠨ ᠨᠡᠮᠡᠷᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠶ ᠠᠬᠢᠭᠤᠯᠵᠤ᠂ ᠰᠠᠭᠤᠭ᠎ᠠ ᠭᠠᠵᠠᠷ ᠤᠨ ᠲᠣᠰᠬᠤᠨ ᠤ ᠠᠷᠠᠳ ᠲᠤ ᠦᠨᠡᠨ ᠪᠣᠳᠠᠲᠠᠢ ᠠᠵᠠ ᠵᠢᠷᠭᠠᠯ ᠣᠯᠭᠤᠭᠰᠠᠨ ᠪᠠᠶᠢᠨ᠎ᠠ᠃ ᠲᠡᠷᠡ᠄ ︽ᠪᠢ ᠬᠥᠳᠡᠭᠡ ᠲᠣᠰᠬᠤᠨ ᠳᠤ ᠭᠠᠷᠤᠯ ᠲᠠᠢ᠂ ᠬᠥᠳᠡᠭᠡ ᠲᠣᠰᠬᠤᠨ ᠳᠤ ᠬᠠᠶᠢᠷᠠᠲᠠᠢ᠂ ᠬᠠᠮᠤᠭ ᠤᠨ ᠶᠡᠭᠡ ᠬᠦᠰᠡᠯ ᠪᠣᠯ ᠳᠠᠷᠤᠢ ᠲᠠᠷᠢᠶᠠᠴᠢᠨ ᠨᠠᠶᠢᠵᠠ ᠨᠠᠷ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠶᠠᠪᠤᠳᠠᠯ ᠮᠥᠨ︾ ᠭᠡᠵᠦ ᠭᠦᠨ ᠰᠡᠳᠬᠢᠯᠭᠡ ᠲᠠᠢ ᠪᠠᠷ ᠢᠯᠡᠳᠬᠡᠵᠡᠢ᠃ ᠯᠢ ᠬᠠᠢ ᠷᠦᠢ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠣᠰᠬᠤᠨ ᠤ ᠠᠷᠠᠳ ᠤᠨ ᠠᠮᠢᠳᠤᠷᠠᠯ ᠤᠨ ᠳᠦᠷᠰᠦ ᠪᠠᠶᠢᠳᠠᠯ ᠴᠣ᠋ ᠰᠢᠨ᠎ᠡ ᠪᠣᠯᠪᠠ᠃
      ᠴᠧᠨ ᠵᠢᠦ ᠫᠢᠩ᠂ ᠰᠠᠶᠢᠬᠠᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠨᠢᠭᠡᠨ ᠠᠵᠢᠯᠲᠠᠨ ᠪᠠᠰᠠ ᠴᠡᠷᠢᠭ ᠤᠨ ᠠᠯᠪᠠᠨ ᠠᠴᠠ ᠪᠠᠭᠤᠭᠰᠠᠳ ᠪᠠᠶᠢᠪᠠ᠃ ᠲᠡᠷᠡ ᠬᠤᠷᠢᠨ ᠵᠢᠯ ᠤᠨ ᠲᠤᠷᠰᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠤᠭ ᠨᠣᠪᠰᠢ ᠶᠢ ᠡᠳᠦᠷ ᠪᠦᠷᠢ ᠴᠡᠪᠡᠷᠯᠡᠬᠦ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠲᠠ ᠶᠢᠨ ᠠᠷᠢᠭᠤᠨ ᠴᠡᠪᠡᠷ ᠢ ᠬᠠᠮᠠᠭᠠᠯᠠᠵᠤ ᠪᠠᠶᠢᠪᠠ᠃ ᠡᠯᠪᠡᠭ ᠪᠠᠶᠠᠯᠢᠭ ᠠᠵᠢᠯ ᠤᠨ ᠲᠤᠷᠰᠢᠯᠭ᠎ᠠ ᠳᠤ ᠰᠠᠭᠤᠷᠢᠯᠠᠵᠤ᠂ ᠴᠧᠨ ᠵᠢᠦ ᠫᠢᠩ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠲᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠢ ᠮᠡᠳᠡᠷᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠤᠰ ᠪᠡᠶ᠎ᠡ ᠶᠢᠨ ᠵᠢᠱᠢᠶᠡᠴᠢ ᠦᠢᠯᠡ ᠠᠵᠢᠯᠯᠠᠭ᠎ᠠ ᠪᠠᠷ ᠢᠶᠠᠨ ᠪᠤᠰᠤᠳ ᠢ ᠨᠥᠯᠥᠭᠡᠯᠡᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠡᠩᠨᠡᠭᠡᠨ ᠳᠤ ᠬᠠᠮᠲᠤ ᠪᠠᠷ ᠣᠷᠣᠯᠴᠠᠵᠤ᠂ ᠬᠤᠳᠠ ᠶᠢ ᠭᠤᠶᠣᠵᠢᠭᠤᠯᠬᠤ᠂ ᠬᠤᠳᠠ ᠶᠢᠨ ᠠᠷᠠᠳ ᠤᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠤᠷᠢᠶᠠᠯᠠᠪᠠ᠃
      ᠢᠷᠡᠭᠡᠳᠦᠢ ᠳᠤ᠂ ᠰᠠᠶᠢᠬᠠᠨ ᠲᠣᠭᠤᠷᠢᠭ ᠶᠣᠰᠣ ᠰᠤᠷᠲᠠᠬᠤᠨ ᠤ ᠵᠢᠱᠢᠶᠡᠴᠢ ᠦᠢᠯᠡ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠡᠷᠭᠡᠳᠡᠬᠢ ᠰᠠᠶᠢᠨ ᠬᠥᠮᠥᠨ ᠰᠠᠶᠢᠨ ᠶᠠᠪᠤᠳᠠᠯ ᠢ ᠶᠠᠷᠢᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠯᠠᠮᠵᠢᠯᠠᠵᠤ᠂ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠢᠳᠡᠪᠬᠢ ᠬᠦᠴᠦᠨ ᠢ ᠳᠠᠮᠵᠢᠭᠤᠯᠵᠤ᠂ ᠥᠷᠭᠡᠨ ᠤᠯᠠᠨ ᠲᠦᠮᠡᠨ ᠤ ᠶᠣᠰᠣ ᠰᠤᠷᠲᠠᠬᠤᠨ ᠤ ᠦᠢᠯᠡᠳᠦᠯᠭᠡ ᠶᠢᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠭᠦᠨᠵᠡᠭᠡᠢ ᠬᠥᠭᠵᠢᠯᠲᠡ ᠶᠢ ᠠᠬᠢᠭᠤᠯᠵᠤ᠂ ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠦᠵᠡᠯ ᠰᠠᠨᠠᠭᠠᠨ ᠤ ᠲᠤᠯᠭᠠᠭᠤᠷᠢᠯᠠᠯ᠂ ᠤᠶᠤᠨ ᠰᠠᠨᠠᠭᠠᠨ ᠤ ᠬᠥᠳᠡᠯᠭᠡᠬᠦ ᠬᠦᠴᠦᠨ ᠪᠠ ᠶᠣᠰᠣ ᠰᠤᠷᠲᠠᠬᠤᠨ ᠤ ᠰᠢᠮ᠎ᠡ ᠲᠡᠵᠢᠭᠡᠯ ᠬᠠᠩᠭᠠᠬᠤ ᠪᠣᠯᠣᠨ᠎ᠠ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号