| | ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠦᠬᠦ ᠤᠯᠤᠰ ᠲᠤ ᠤᠤᠯ ᠤᠨ ᠭᠤᠷᠪᠠᠳᠤᠭᠠᠷ | ᠳᠡᠰ ᠤᠨ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠵᠢᠴᠢ ᠢᠳᠡᠭᠡᠨ ᠪᠠ ᠡᠮ ᠤᠨ ᠵᠦᠢᠯ᠂ ᠣᠷᠴᠢᠨ | ᠲᠣᠭᠤᠷᠢᠨ ᠤ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠰᠠᠯᠠᠭ᠎ᠠ ᠮᠥᠴᠢᠷ ᠢ ᠨᠡᠶᠢᠳᠬᠡᠵᠦ᠂ ᠡᠭᠦᠷᠭᠡ | ᠴᠢᠳᠠᠪᠤᠷᠢ ᠶᠢ ᠨᠢ ᠠᠭᠤᠰᠤᠯᠴᠠᠭᠤᠯᠤᠨ᠂ ᠠᠮᠢ ᠠᠬᠤᠢ ᠶᠢᠨ ᠡᠬᠢ ᠪᠠᠶᠠᠯᠢᠭ ᠢᠶᠠᠷ ᠲᠥᠪᠯᠡᠷᠡᠩᠭᠦᠢ᠂ ᠬᠠᠮᠠᠭᠠᠯᠠᠬᠤ | ᠡᠭᠦᠷᠭᠡ ᠪᠠᠷ ᠬᠦᠨᠳᠦ ᠪᠠᠶᠢᠭ᠎ᠠ ᠭᠤᠣᠯᠳᠠᠯᠭ᠎ᠠ ᠲᠠᠢ ᠣᠷᠣᠨ ᠪᠦᠰᠡ ᠳᠤ ᠠᠮᠢ ᠠᠬᠤᠢ ᠶᠢᠨ ᠴᠠᠭᠳᠠᠭᠠᠨ ᠤ | ᠶᠠᠪᠤᠳᠠᠯ ᠤᠨ 77 ᠲᠠᠰᠤᠭ ᠢ ᠪᠦᠲᠦᠭᠡᠨ ᠪᠠᠶᠢᠭᠤᠯᠪᠠ᠃ ᠬᠠᠲᠤᠨ ᠭᠤᠣᠯ ᠳᠠᠭᠠᠤ ᠵᠡᠷᠭᠡ ᠭᠤᠣᠯᠳᠠᠯᠭ᠎ᠠ ᠲᠠᠢ ᠠᠮᠢ | ᠠᠬᠤᠢ ᠶᠢᠨ ᠣᠷᠣᠨ ᠪᠦᠰᠡ ᠳᠤ ᠣᠶᠤᠨᠴᠢ ᠮᠡᠳᠡᠷᠡᠮᠵᠢ ᠶᠢᠨ ᠦᠵᠦᠭᠦᠷ ᠢ 2040 ᠪᠠᠶᠢᠭᠤᠯᠵᠤ᠂ ︽ᠪᠦᠷᠢᠨ | ᠪᠦᠷᠬᠦᠭᠦᠯᠬᠦ᠂ ᠦᠵᠡᠭᠳᠡᠬᠦᠶᠢᠴᠡ᠂ ᠰᠡᠷᠡᠮᠵᠢᠯᠡᠭᠦᠯᠵᠦ ᠳᠡᠶᠢᠯᠬᠦ︾ ᠠᠮᠢ ᠠᠬᠤᠢ ᠶᠢᠨ ᠬᠠᠮᠠᠭᠠᠯᠠᠯᠲᠠ ᠶᠢᠨ ᠴᠠᠭᠳᠠᠭᠠᠨ ᠤ | ᠶᠠᠪᠤᠳᠠᠯ ᠤᠨ ᠰᠢᠨ᠎ᠡ ᠬᠡᠪ ᠵᠠᠭᠪᠤᠷ ᠢ ᠪᠣᠶ ᠪᠣᠯᠭᠠᠪᠠ᠃ ᠡᠨᠡ ᠵᠢᠯ ᠡᠬᠢᠯᠡᠭᠰᠡᠨ ᠠᠴᠠ ᠨᠠᠭᠠᠰᠢ᠂ ᠪᠥᠬᠦ ᠣᠷᠣᠨ ᠤ | ᠬᠠᠲᠤᠨ ᠭᠤᠣᠯ ᠳᠠᠭᠠᠤ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠠᠲᠤᠨ ᠭᠤᠣᠯ ᠤᠨ ᠰᠠᠪᠠ | ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ᠂ ᠣᠷᠴᠢᠨ ᠲᠣᠭᠤᠷᠢᠨ ᠢ | ᠪᠣᠬᠢᠷᠲᠤᠭᠤᠯᠬᠤ᠂ ᠬᠠᠤᠯᠢ ᠪᠤᠰᠤ ᠪᠠᠷ ᠠᠭᠤᠷᠬᠠᠢ ᠮᠠᠯᠲᠠᠬᠤ ᠵᠡᠷᠭᠡ ᠭᠤᠷᠪᠠᠨ ᠶᠡᠭᠡ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠣᠷᠴᠢᠨ ᠲᠣᠭᠤᠷᠢᠨ ᠤ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠡᠷᠡᠭᠦᠦ ᠶᠢᠨ ᠬᠡᠷᠡᠭ ᠢ | ᠨᠡᠶᠢᠲᠡ 494 ᠢᠯᠡᠷᠡᠭᠦᠯᠵᠦ᠂ ᠠᠳᠠᠯᠢ ᠬᠤᠭᠤᠴᠠᠭᠠᠨ ᠤ ᠬᠢ ᠠᠴᠠ 66% ᠪᠠᠷ ᠨᠡᠮᠡᠭᠳᠡᠪᠡ᠃ ᠬᠠᠤᠯᠢ ᠪᠤᠰᠤ ᠪᠠᠷ | ᠤᠰᠤᠨ ᠤ ᠭᠠᠷᠤᠯᠲᠠ ᠶᠢ ᠠᠩᠨᠠᠵᠤ ᠱᠦᠭᠦᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠰᠤᠨ ᠤ | ᠭᠠᠷᠤᠯᠲᠠ ᠶᠢ ᠬᠠᠤᠯᠢ ᠪᠤᠰᠤ ᠪᠠᠷ ᠱᠦᠭᠦᠭᠰᠡᠨ ᠬᠡᠷᠡᠭ ᠢ ᠨᠡᠶᠢᠲᠡ 20 ᠤᠳᠠᠭ᠎ᠠ ᠢᠯᠡᠷᠡᠭᠦᠯᠵᠦ᠂ ᠡᠨᠡ ᠵᠢᠯ ᠤᠨ | ᠬᠠᠲᠤᠨ ᠭᠤᠣᠯ ᠤᠨ ᠳᠡᠭᠡᠳᠦ ᠤᠷᠤᠰᠬᠠᠯ ᠤᠨ ᠭᠤᠣᠯ ᠵᠠᠮ ᠤᠨ ᠪᠥᠬᠦ ᠤᠯᠤᠰ ᠲᠠᠬᠢ ᠠᠩᠬᠠᠳᠠᠭᠴᠢ ᠬᠡᠷᠡᠭ ᠤᠨ | ︽4·08︾ ᠤ ᠬᠠᠤᠯᠢ ᠪᠤᠰᠤ ᠪᠠᠷ ᠠᠩᠨᠠᠵᠤ ᠱᠦᠭᠦᠭᠰᠡᠨ ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠵᠦ᠂ | ᠬᠡᠷᠡᠭ ᠲᠤ ᠬᠤᠯᠪᠣᠭᠳᠠᠭᠰᠠᠨ ᠠᠩᠨᠠᠵᠤ ᠱᠦᠭᠦᠭᠰᠡᠨ ᠵᠢᠭᠠᠰᠤ 6000 ᠭᠠᠷᠤᠢ ᠵᠢᠩ ᠳᠤ ᠬᠦᠷᠴᠦ᠂ ᠨᠡᠶᠢᠲᠡ 10 | ᠲᠦᠮᠡ ᠭᠠᠷᠤᠢ ᠲᠥᠭᠦᠷᠢᠭ ᠠᠷᠠᠯᠵᠢᠶᠠᠯᠠᠭᠰᠠᠨ ᠪᠠᠶᠢᠨ᠎ᠠ᠃ ︵ᠳᠣᠲᠣᠭᠠᠳᠤ ᠶᠢ ᠬᠠᠮᠠᠭᠠᠯᠠᠬᠤ ᠲᠢᠩᠬᠢᠮ︶ |