ᠥᠪᠥᠷ ᠮᠣᠩᠭᠤᠯ ᠤᠨ ᠮᠦᠽᠧᠢ 13.1 ᠲᠦᠮᠡᠨ ᠦᠵᠡᠭᠴᠢ ᠶᠢ ᠭᠥᠯᠢᠶᠡᠨ ᠠᠪᠴᠠᠢ
ᠨᠡᠶᠢᠲᠡᠯᠡᠭᠰᠡᠨ ᠴᠠᠭ᠄
2024/10/12
     ᠰᠠᠶ᠋ᠢᠬᠠᠨ ᠥᠩᠭᠡᠷᠡᠭᠰᠡᠨ ᠤᠯᠤᠰ ᠤᠨ ᠪᠠᠶᠠᠷ ᠤᠨ ᠠᠮᠠᠷᠠᠯᠲᠠ ᠶᠢᠨ 7 ᠡᠳᠦᠷ ᠲᠤ ᠥᠪᠥᠷ ᠮᠣᠩᠭᠤᠯ ᠤᠨ ᠮᠦᠽᠧᠢ ᠡᠯ᠎ᠡ ᠲᠥᠷᠥᠯ ᠤᠨ ᠭᠤᠣᠯ ᠰᠡᠳᠦᠪᠲᠦ ᠠᠵᠢᠯᠯᠠᠭ᠎ᠠ ᠶᠢ 430 ᠤᠳᠠᠭ᠎ᠠ ᠡᠷᠭᠢᠯᠡᠨ 13.1 ᠲᠦᠮᠡᠨ ᠦᠵᠡᠭᠴᠢ ᠶᠢ ᠭᠥᠯᠢᠶᠡᠨ ᠠᠪᠴᠠᠢ᠃ ᠲᠣᠭᠤᠷᠢᠨ ᠦᠵᠡᠭᠴᠢᠳ ᠮᠦᠽᠧᠢ ᠳᠤ ᠤᠯᠤᠰ ᠤᠨ ᠪᠠᠶᠠᠷ ᠢᠶᠠᠨ ᠪᠠᠶᠠᠷᠯᠠᠨ ᠪᠡᠯᠭᠡᠯᠡᠵᠦ᠂ ᠦᠵᠡᠰᠭᠦᠯᠡᠩ ᠢ ᠰᠣᠨᠢᠷᠬᠠᠨ ᠭᠤᠣᠯ ᠰᠡᠳᠦᠪᠲᠦ ᠠᠵᠢᠯᠯᠠᠭ᠎ᠠ ᠳᠤ ᠤᠷᠤᠯᠴᠠᠵᠦ᠂ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠢᠯᠡᠳᠬᠡᠨ᠂ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ ᠶᠢᠨ ᠪᠣᠯᠪᠠᠰᠤᠨ  ᠢ ᠮᠡᠳᠡᠷᠡᠵᠡᠢ᠃      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ ᠤᠨ ᠮᠦᠽᠧᠢ ᠳᠤ ᠶᠠᠪᠤᠭᠳᠠᠭᠰᠠᠨ 100 ᠮᠧᠲᠷ ᠤᠨ ᠣᠷᠳᠣ ᠡᠪᠬᠡᠮᠡᠯ ᠵᠢᠷᠤᠭ ᠵᠢᠷᠤᠬᠤ ᠠᠵᠢᠯᠯᠠᠭ᠎ᠠ ᠳᠤ 60 ᠬᠡᠦᠬᠡᠳ ᠤᠷᠤᠯᠴᠠᠵᠦ᠂ ᠲᠡᠦᠬᠡ ᠶᠢᠨ ᠳᠤᠷᠠᠰᠬᠠᠯᠲᠤ ᠵᠦᠢᠯ ᠳᠤ ᠥᠩᠭᠡ ᠪᠤᠳᠤᠭ ᠨᠡᠮᠡᠷᠢᠯᠡᠨ ᠪᠠᠶᠠᠷ ᠤᠨ ᠡᠳᠦᠷ ᠤᠨ ᠪᠡᠯᠡᠭ ᠪᠤᠯᠭᠠᠵᠤ᠂ ᠰᠠᠶᠢᠨ ᠰᠠᠶᠢᠬᠠᠨ ᠠᠮᠢᠳᠤᠷᠠᠯ ᠢ ᠵᠢᠷᠤᠬᠯᠠᠪᠠ; ᠬᠤᠪᠢᠰᠬᠠᠯ ᠤᠨ ᠥᠯᠢᠭᠡᠷ ᠤᠩᠰᠢᠬᠤ ᠨᠣᠮ ᠤᠨ ᠴᠤᠭᠯᠠᠭᠠᠨ ᠳᠤ 60 ᠭᠠᠷᠤᠢ ᠣᠷᠣᠯᠴᠠᠭᠴᠢ ᠬᠤᠪᠢᠰᠬᠠᠯ ᠤᠨ ᠰᠣᠩᠭᠤᠳᠠᠭ ᠵᠣᠬᠢᠶᠠᠯ ᠢ ᠤᠩᠰᠢᠨ ᠨᠠᠮ ᠤᠨ ᠲᠡᠦᠬᠡ ᠶᠢ ᠡᠷᠭᠢᠴᠡᠭᠦᠯᠵᠦ᠂ ᠬᠤᠪᠢᠰᠬᠠᠯ ᠤᠨ ᠦᠯᠢᠭᠡᠷ ᠢ ᠬᠤᠪᠢᠶᠠᠯᠴᠠᠨ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ  ᠪᠠᠨ ᠢᠯᠡᠳᠬᠡᠪᠡ᠃ ᠡᠨᠡ ᠬᠦ ᠬᠤᠭᠤᠴᠠᠭᠠᠨ ᠳᠤ ᠥᠪᠥᠷ ᠮᠣᠩᠭᠤᠯ ᠤᠨ ᠮᠦᠽᠧᠢ ᠪᠠᠰᠠ 6 ᠲᠠᠯᠠᠪᠠᠢ ᠬᠡᠦᠬᠡᠯᠳᠡᠢ ᠵᠦᠴᠦᠭᠡ ᠶᠢᠨ ᠲᠤᠬᠯᠠᠯᠳᠠ ᠭᠠᠷᠭᠠᠨ᠂ ᠬᠤᠪᠣᠷ ᠴᠤᠬᠠᠭ ᠲᠡᠦᠬᠡ ᠶᠢᠨ ᠳᠤᠷᠠᠰᠬᠠᠯᠲᠤ ᠵᠦᠢᠯᠡᠰ ᠤᠨ ᠳᠦᠷᠢ ᠲᠠᠢ ᠬᠡᠦᠬᠡᠯᠳᠡᠢ 480 ᠭᠠᠷᠤᠢ ᠪᠢᠴᠢᠬᠠᠨ ᠨᠠᠶᠢᠵᠠ ᠨᠠᠷ ᠲᠠᠢ ᠪᠠᠨ ᠠᠭᠤᠰᠤᠯᠴᠠᠨ ᠪᠥᠵᠢᠭᠯᠡᠵᠦ᠂ ᠲᠡᠦᠬᠡ ᠶᠢᠨ ᠮᠡᠳᠡᠯᠭᠡ  ᠶᠢ ᠣᠶᠢᠯᠠᠭᠠᠭᠤᠯᠤᠨ᠂ ᠤᠯᠤᠰ ᠤᠨ ᠡᠷᠳᠡᠨᠢ ᠶᠢᠨ ᠭᠤᠸ᠎ᠠ ᠰᠠᠶᠢᠬᠠᠨ ᠢ ᠮᠡᠳᠡᠷᠡᠭᠦᠯᠵᠦ᠂ ᠰᠣᠶᠣᠯ ᠤᠨ ᠭᠡᠷᠡᠯ ᠭᠢᠯᠪᠠᠭ᠎ᠠ  ᠶᠢ ᠤᠯᠠᠮᠵᠢᠯᠠᠵᠠᠢ; ᠰᠠᠨᠰᠠᠷ ᠤᠨ ᠠᠶᠠᠯᠠᠯ ᠤᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ᠂ ᠰᠠᠨᠰᠠᠷ ᠤᠨ ᠠᠶᠠᠯᠠᠯ ᠤᠨ ᠪᠠᠭᠠᠵᠢ ᠶᠢᠨ ᠵᠠᠭᠪᠤᠷ ᠦᠢᠯᠡᠳᠬᠦ ᠵᠡᠷᠭᠡ ᠠᠵᠢᠯᠯᠠᠭ᠎ᠠ ᠪᠠᠷ ᠳᠠᠮᠵᠢᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠶᠢ ᠣᠶᠢᠯᠠᠭᠠᠭᠤᠯᠵᠤ᠂ ᠬᠡᠦᠬᠡᠳ ᠪᠠᠭᠠᠴᠤᠳ ᠤᠨ ᠰᠢᠨᠵᠢᠯᠡᠬᠦ ᠤᠬᠠᠭᠠᠨ ᠢ ᠡᠷᠭᠢᠮᠯᠡᠭᠦ᠂ ᠵᠣᠷᠢᠭᠲᠠᠢ ᠪᠠᠷ ᠰᠢᠨ᠎ᠡ ᠶᠢ ᠡᠭᠦᠳᠬᠦ ᠬᠠᠯᠠᠭᠤᠨ ᠰᠡᠳᠬᠢᠯᠭᠡ ᠶᠢ ᠬᠥᠭᠵᠢᠭᠡᠵᠡᠢ ; ᠡᠷᠲᠡᠨ ᠤ ᠬᠦᠷᠡᠯ ᠵᠡᠪᠰᠡᠭ ᠤᠨ ᠦᠵᠡᠭᠦᠯᠭᠡ ᠶᠢᠨ ᠤᠷᠠᠯᠢᠭ ᠤᠨ ᠬᠢᠴᠢᠶᠡᠯ ᠡᠷᠭᠢᠯᠡᠨ ᠬᠦᠷᠡᠯ ᠪᠠᠭᠠᠵᠢ ᠴᠢᠳᠬᠤᠨ ᠦᠢᠯᠡᠳᠬᠦ᠂ ᠬᠦᠷᠡᠯ ᠤᠨ ᠬᠡ ᠤᠭᠠᠯᠵᠠ ᠶᠢᠨ ᠤᠷᠠᠯᠢᠭ ᠢ ᠰᠣᠨᠢᠷᠬᠠᠨ ᠵᠠᠳᠠᠯᠬᠤ᠂ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠲᠠᠭᠢᠨ ᠰᠡᠶᠢᠯᠦᠨ ᠢᠯᠡᠷᠡᠭᠦᠯᠬᠦ ᠵᠡᠷᠭᠡ ᠠᠭᠤᠯᠭ᠎ᠠ ᠪᠠᠷ 120 ᠵᠠᠯᠠᠭᠤᠴᠤᠳ ᠪᠠᠭᠠᠴᠤᠳ ᠲᠤ ᠤᠯᠠᠮᠵᠢᠯᠠᠯᠲᠤ ᠰᠣᠶᠣᠯ ᠤᠨ ᠰᠠᠶᠢᠬᠠᠨ ᠢ ᠮᠡᠳᠡᠷᠡᠭᠦᠯᠦᠭᠰᠡᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号