ᠰᠠᠶᠢᠬᠠᠨ ᠲᠣᠭᠤᠷᠢᠭ ᠤᠨ ᠡᠨᠡ ᠤᠳᠠᠭᠠᠨ ᠤ ᠪᠠᠶᠠᠷ ᠤᠨ ᠠᠵᠢᠯᠯᠠᠭ᠎ᠠ  ᠮᠠᠰᠢ ᠳᠣᠯᠠᠭᠠᠬᠠᠨ
ᠨᠡᠶᠢᠲᠡᠯᠡᠭᠰᠡᠨ ᠴᠠᠭ᠄
2024/10/14
     ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠲᠣᠰᠠᠯᠠᠬᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠶᠢᠴᠤᠳ ᠢ ᠬᠠᠶᠢᠷᠠᠯᠠᠵᠤ ᠨᠠᠰᠤᠲᠠᠶᠢᠴᠤᠳ ᠢ ᠬᠠᠪᠰᠤᠷᠬᠤ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠶᠢᠨ ᠲᠥᠯᠥᠭᠡ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠶᠢᠰᠦᠨ ᠰᠠᠷ᠎ᠠ ᠶᠢᠨ ᠶᠢᠰᠦᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠠᠶᠢᠬᠠᠨ ᠲᠣᠭᠤᠷᠢᠭ ᠤᠨ ᠡᠯ᠎ᠡ ᠭᠠᠵᠠᠷ ᠣᠷᠣᠨ ᠤᠯᠠᠨ ᠬᠡᠯᠪᠡᠷᠢ ᠶᠢᠨ ᠪᠡᠯᠭᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠰᠤᠲᠠᠶᠢᠴᠤᠳ ᠲᠤ ᠨᠠᠮᠤᠷ ᠤᠨ ᠬᠠᠶᠢᠷ᠎ᠠ ᠬᠠᠯᠠᠮᠵᠢ ᠬᠦᠷᠭᠡᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃              ᠱᠢ ᠴᠢ ᠨᠡᠶᠢᠭᠡᠮ ᠲᠣᠭᠤᠷᠢᠭ︽ᠶᠢᠰᠦᠨ ᠰᠠᠷ᠎ᠠ ᠶᠢᠨ ᠶᠢᠰᠦᠨ ᠤ ᠢᠳᠡᠷᠡᠭᠦᠨ ᠠᠯᠬᠤᠬᠤ︾ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠭᠤᠭᠠᠯᠢ ᠠᠷᠠᠳ ᠬᠦᠷ ᠬᠥᠭᠵᠢᠶᠡᠨ ᠲᠠᠢ ᠢᠳᠡᠷᠡᠭᠦᠨ ᠠᠯᠬᠤᠭ᠎ᠠ ᠪᠠᠷ ᠤᠷᠤᠭᠰᠢᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠣᠯᠣᠨ ᠢᠳᠡᠪᠬᠢᠲᠡᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠦᠵᠡᠮᠵᠢ ᠶᠢ ᠪᠤᠢ ᠪᠣᠯᠭᠠᠪᠠ᠃
       ᠡᠷᠡᠭᠦᠯ ᠮᠡᠨᠳᠦ ᠨᠡᠶᠢᠭᠡᠮ ᠲᠣᠭᠤᠷᠢᠭ DIY ᠪᠡᠶ᠎ᠡ ᠰᠤᠪᠢᠯᠠᠬᠤ ᠠᠯᠤᠬ᠎ᠠ ᠶᠢᠨ ᠭᠠᠷ ᠤᠷᠠᠯᠠᠯ ᠤᠨ ᠦᠢᠯᠡᠳᠬᠡᠯ ᠤᠨ ᠠᠵᠢᠯᠯᠠᠭ᠎ᠠ ᠥᠷᠨᠢᠭᠦᠯᠵᠦ᠂ ᠪᠠᠶᠠᠷ ᠤᠨ ᠡᠳᠦᠷ ᠲᠤ ᠬᠠᠮᠢᠶ᠎ᠠ ᠪᠦᠬᠦᠢ ᠦᠯᠢᠭᠡᠷ ᠢ ᠲᠠᠶᠢᠯᠪᠤᠷᠢᠯᠠᠨ ᠬᠤᠪᠢᠶᠠᠯᠴᠠᠵᠦ᠂ ᠰᠠᠭᠤᠭᠠᠯᠢ ᠠᠷᠠᠳ ᠤᠨ ᠬᠤᠭᠤᠷᠣᠨᠳᠣᠬᠢ ᠨᠡᠪᠲᠡᠷᠡᠯᠴᠡᠭᠡ ᠪᠠ ᠰᠣᠯᠢᠯᠴᠠᠭ᠎ᠠ ᠶᠢ ᠠᠬᠢᠭᠤᠯᠤᠨ᠎ᠠ᠃
       ᠨᠦᠩ ᠳ᠋ᠠ ᠨᠡᠶᠢᠭᠡᠮ ᠲᠣᠭᠤᠷᠢᠭ ᠶᠧᠦ ᠶᠦᠸᠧ ᠨᠠᠰᠤᠲᠠᠶᠢᠴᠤᠳ ᠤᠨ ᠶᠡᠭᠡ ᠰᠤᠷᠭᠠᠭᠤᠯᠢ ᠲᠠᠢ ᠬᠠᠮᠲᠤᠷᠠᠨ ᠭᠠᠷ ᠤᠷᠠᠯᠠᠯ ᠤᠨ ᠠᠵᠢᠯᠯᠠᠭ᠎ᠠ ᠶᠢ ᠥᠷᠨᠢᠭᠦᠯᠵᠦ᠂ ᠨᠢᠭᠡ ᠲᠠᠩᠬᠢᠮ ᠳᠤ ᠴᠤᠭᠯᠠᠷᠠᠵᠤ᠂ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠬᠤᠯᠪᠣᠭᠳᠠᠯ ᠪᠦᠬᠦᠢ ᠰᠢᠯᠦᠭ ᠳᠠᠭᠤᠯᠠᠯ ᠢ ᠬᠠᠮᠲᠤ ᠪᠠᠷ ᠤᠩᠰᠢᠵᠤ᠂ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠪᠡ᠃ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠬᠡᠯᠪᠡᠷᠢ ᠳᠦᠷᠰᠦ ᠨᠢ ᠠᠳᠠᠯᠢ ᠪᠤᠰᠤ ᠴᠡᠴᠡᠭ ᠦᠢᠯᠡᠳᠴᠦ᠂ ᠨᠠᠷᠢᠨ ᠨᠢᠮᠪᠠᠢ ᠵᠣᠬᠢᠴᠠᠭᠤᠯᠤᠨ᠂ ᠶᠢᠰᠦᠨ ᠰᠠᠷ᠎ᠠ ᠶᠢᠨ ᠶᠢᠰᠦᠨ ᠤ ᠪᠠᠶᠠᠷ ᠲᠤ ᠥᠪᠡᠷᠮᠢᠴᠡ ᠥᠩᠭᠡ ᠪᠤᠳᠤᠭ ᠨᠡᠮᠡᠷᠢᠯᠡᠭᠰᠡᠨ ᠪᠠᠶᠢᠨ᠎ᠠ᠃
       ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠶᠢᠭᠡᠮ ᠲᠣᠭᠤᠷᠢᠭ ︽ᠠᠯᠪᠠᠨ ᠵᠢᠷᠤᠮ ᠤᠨ ᠡᠮᠴᠢᠯᠡᠭᠡ ᠨᠡᠶᠢᠭᠡᠮ ᠲᠣᠭᠤᠷᠢᠭ ᠲᠤ ᠬᠦᠷᠴᠦ ᠨᠠᠰᠤᠲᠠᠨ ᠢᠶᠠᠨ ᠬᠠᠶᠢᠷᠠᠯᠠᠵᠤ ᠨᠠᠰᠤᠲᠠᠶᠢᠴᠤᠳ ᠢ ᠬᠠᠪᠰᠤᠷᠤᠨ ᠶᠢᠰᠦᠨ ᠰᠠᠷ᠎ᠠ ᠶᠢᠨ ᠶᠢᠰᠦᠨ ᠤ ᠪᠠᠶᠠᠷ ᠬᠦᠷᠭᠡᠬᠦ︾ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠨᠠᠰᠤᠲᠠᠶᠢᠴᠤᠳ ᠲᠤ ᠠᠯᠪᠠᠨ ᠵᠢᠷᠤᠮ ᠤᠨ ᠡᠮᠴᠢᠯᠡᠭᠡ᠂ ᠠᠯᠪᠠᠨ ᠵᠢᠷᠤᠮ ᠤᠨ ᠬᠠᠶᠢᠴᠢᠯᠠᠯ ᠵᠡᠷᠭᠡ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠲᠤ ᠪᠠᠶᠠᠷ ᠤᠨ ᠡᠳᠦᠷ ᠤᠨ ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ ᠠᠯᠪᠠᠨ ᠵᠢᠷᠤᠮ ᠤᠨ ᠡᠮᠴᠢᠯᠡᠭᠡᠨ ᠤ ᠲᠣᠭᠤᠷᠢᠭ ᠲᠤ᠂ ᠡᠮᠴᠢ ᠰᠤᠪᠢᠯᠠᠭᠴᠢᠳ ᠰᠠᠭᠤᠭᠠᠯᠢ ᠠᠷᠠᠳ ᠤᠨ ᠴᠢᠰᠤᠨ ᠳᠠᠷᠤᠯᠲᠠ ᠶᠢ ᠬᠡᠮᠵᠢᠬᠦ᠂ ᠠᠮᠠᠨ ᠬᠥᠨᠳᠡᠢ ᠶᠢ ᠪᠠᠶᠢᠴᠠᠭᠠᠬᠤ ᠵᠡᠷᠭᠡ ᠪᠡᠶ᠎ᠡ ᠮᠠᠬᠠᠪᠤᠳ ᠤᠨ ᠦᠨᠳᠦᠰᠦᠨ ᠭᠦᠢᠴᠡᠳᠬᠡᠯ ᠲᠤᠭ᠎ᠠ ᠶᠢ ᠪᠠᠶᠢᠴᠠᠭᠠᠨ ᠥᠭᠴᠦ᠂ ᠰᠠᠭᠤᠭᠠᠯᠢ ᠠᠷᠠᠳ ᠢ ᠬᠠᠪᠰᠤᠷᠤᠨ ᠥᠪᠡᠷ ᠤᠨ ᠡᠷᠡᠭᠦᠯ ᠮᠡᠨᠳᠦ ᠶᠢᠨ ᠪᠠᠶᠢᠳᠠᠯ ᠢ  ᠨᠢ ᠣᠶᠢᠯᠠᠭᠠᠭᠤᠯᠵᠤ ᠥᠭᠪᠡ᠃
             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号