ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠪᠤᠢ
ᠨᠡᠶᠢᠲᠡᠯᠡᠭᠰᠡᠨ ᠴᠠᠭ᠄
2024/10/14
     ᠠᠷᠠᠳ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠨᠢ ᠬᠠᠷᠢᠶ᠎ᠠ ᠮᠥᠩᠭᠦᠨ ᠭᠦᠢᠯᠭᠡᠭᠡᠨ ᠤ ᠦᠢᠯᠡᠰ ᠤᠨ ᠪᠠᠶᠢᠭᠤᠯᠤᠮᠵᠢ ᠶᠢ ᠢᠳᠡᠪᠬᠢᠲᠡᠢ ᠪᠠᠷ ᠵᠢᠯᠤᠭᠤᠳᠴᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠣᠨᠣᠪᠴᠢᠲᠠᠶ ᠪᠤᠯᠭᠠᠬᠤ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠠᠦ᠋ᠲ᠋ᠣᠴᠢᠯᠠᠬᠤ᠂ ᠲᠦᠭᠰᠢᠭᠦᠷᠢ ᠶᠢᠨ ᠬᠠᠮᠢᠶᠠᠷᠤᠯᠲᠠ ᠶᠢ ᠣᠶᠤᠨᠴᠢᠯᠠᠬᠤ ᠵᠡᠷᠭᠡ ᠲᠠᠯ᠎ᠠ ᠳᠠᠬᠢ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠡᠰ ᠳᠠᠪᠬᠤᠷᠭ᠎ᠠ᠂ ᠬᠠᠮᠤᠷᠬᠤ ᠬᠡᠪᠴᠢᠶ᠎ᠡ  ᠪᠠᠷ ᠥᠷᠭᠡᠨ᠂ ᠦᠷᠭᠦᠯᠵᠢᠯᠡᠬᠦ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠪᠠᠶᠢᠨ᠎ᠠ᠃      ᠮᠠᠨ ᠤ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠲᠦᠭᠡᠮᠡᠯ ᠭᠦᠷᠳᠡᠭᠡᠮᠵᠢᠳᠤ ᠮᠥᠩᠭᠦᠨ ᠭᠦᠢᠯᠭᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠪᠠ᠃ ︽ᠮᠥᠩᠭᠦᠨ ᠭᠦᠢᠯᠭᠡᠭᠡᠨ ᠤ ᠪᠠᠷᠢᠮᠵᠢᠶ᠎ᠠ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠠᠭᠪᠤᠷ ᠲᠠᠬᠢ ᠲᠠᠷᠢᠶᠠᠯᠠᠩ ᠢ ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠡᠭ ᠢ ᠰᠦᠪᠡᠭᠴᠢᠯᠡᠨ ᠪᠠᠶᠢᠭᠤᠯᠵᠤ᠂ ︽ᠬᠥᠳᠡᠭᠡ ᠲᠣᠰᠬᠤᠨ ᠤ ᠲᠦᠭᠡᠮᠡᠯ ᠭᠦᠷᠳᠡᠭᠡᠮᠵᠢᠳᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠡᠭ ᠤᠨ ᠲᠣᠭᠠᠴᠠᠭ᠎ᠠ ᠬᠢᠬᠦ ᠦᠢᠯᠡᠴᠢᠯᠡᠭᠡᠨ ᠤ ᠴᠡᠭ ᠤᠨ ᠮᠡᠷᠭᠡᠵᠢᠯ ᠤᠨ ᠵᠢᠷᠤᠮᠵᠢᠯ︾ ᠢ ᠦᠨᠳᠦᠰᠦᠯᠡᠨ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠪᠠᠷᠢᠮᠵᠢᠶ᠎ᠠ ᠶᠢᠨ ᠮᠡᠷᠭᠡᠵᠢᠯ᠂ ᠬᠠᠮᠢᠶᠠᠷᠤᠯᠲᠠ᠂ ᠦᠢᠯᠡᠴᠢᠯᠡᠭᠡ ᠵᠢᠴᠢ ᠵᠠᠭᠪᠤᠷ ᠤᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠲᠦᠭᠡᠮᠡᠯ ᠭᠦᠷᠳᠡᠭᠡᠮᠵᠢᠳᠤ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠢ ᠵᠢᠷᠤᠮᠵᠢᠭᠤᠯᠤᠨ ᠰᠢᠯᠢᠳᠡᠭᠵᠢᠭᠦᠯᠪᠡ᠃      ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠭᠤᠣᠯ ᠬᠦᠴᠦᠨ ᠢ ᠪᠣᠶᠢᠵᠢᠭᠤᠯᠵᠤ᠂ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠣᠳᠣᠬᠠᠨ ᠳᠤ ᠪᠦᠭᠦ ᠣᠷᠣᠨ ᠤ 12 ᠠᠶᠢᠮᠠᠭ ᠬᠤᠲᠠ ᠶᠢᠨ 72 ᠬᠤᠰᠢᠭᠤ ᠰᠢᠶᠠᠨ ᠳᠤ ᠬᠠᠷᠢᠶᠠᠯᠠᠭᠳᠠᠬᠤ 554 ᠰᠤᠮᠤ ᠰᠢᠶᠠᠩ ᠪᠠᠯᠭᠠᠰᠤ ᠨᠡᠶᠢᠲᠡ 6000 ᠭᠠᠷᠤᠢ ︽ᠮᠥᠩᠭᠦᠨ ᠭᠦᠢᠯᠭᠡᠭᠡᠨ ᠤ ᠲᠤᠰᠬᠤᠨ ᠤ ᠳᠡᠳ᠋ ᠳᠠᠷᠤᠭ᠎ᠠ︾ ᠶᠢ ᠤᠷᠢᠨ ᠬᠡᠷᠡᠭᠯᠡᠵᠦ᠂ ᠪᠠᠩᠬᠢ᠂ ᠳᠠᠭᠠᠳᠬᠠᠯ ᠤᠨ ᠪᠠᠶᠢᠭᠤᠯᠤᠮᠵᠢ ᠶᠢ ᠬᠠᠮᠵᠢᠨ 6 ᠲᠦᠮᠡ ᠰᠢᠬᠠᠮ ᠮᠠᠯᠵᠢᠬᠤ ᠲᠠᠷᠢᠶᠠᠯᠠᠬᠤ ᠡᠷᠦᠭᠡ ᠳᠤ 89.85 ᠳ᠋ᠦᠩᠰᠢᠭᠤᠷ ᠲᠥᠭᠦᠷᠢᠭ ᠤᠨ ᠵᠢᠭᠡᠯᠡᠯᠭᠡ ᠣᠯᠭᠤᠪᠠ᠃      ᠲᠣᠭᠠᠴᠢᠯᠠᠭᠰᠠᠨ ᠮᠡᠷᠭᠡᠵᠢᠯ ᠪᠣᠯᠣᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠵᠠᠮ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠪᠡ᠃ ᠣᠷᠳᠣᠰ ᠪᠠᠩᠬᠢ ᠮᠠᠯᠵᠢᠬᠤ ᠲᠠᠷᠢᠶᠠᠯᠠᠬᠤ ᠣᠷᠣᠨ ᠤ ᠤᠯᠠᠮᠵᠢᠯᠠᠯᠲᠤ ᠦᠢᠯᠡᠴᠢᠯᠡᠭᠡᠨ ᠤ ᠠᠷᠭ᠎ᠠ ᠵᠠᠮ ᠢ ᠰᠢᠯᠢᠳᠡᠭᠵᠢᠭᠦᠯᠬᠦ ᠪᠠ ᠲᠠᠰ ᠳᠡᠪᠰᠢᠭᠦᠯᠬᠦ ᠪᠠᠷ ᠳᠠᠮᠵᠢᠭᠤᠯᠤᠨ᠂ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠨᠠᠷᠢᠯᠢᠭ ᠣᠨᠣᠴᠠᠲᠠᠢ ᠪᠠᠷ ᠬᠦᠷᠦᠯᠴᠡᠬᠦ ᠶᠢ ᠠᠬᠢᠭᠤᠯᠵᠤ᠂ ᠰᠦᠯᠵᠢᠶ᠎ᠡ  ᠶᠢᠨ ᠠᠮᠤᠷ ᠲᠦᠪᠰᠢᠨ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠮᠡᠷᠭᠡᠵᠢᠯ ᠢ ᠬᠡᠷᠡᠭᠯᠡᠨ᠂ ︽ᠲᠦᠭᠡᠮᠡᠯ ᠭᠦᠷᠳᠡᠭᠡᠮᠵᠢᠳᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠡᠭ︾ ᠢ ᠥᠷᠭᠡᠨ ᠳᠡᠯᠭᠡᠷ ᠪᠠᠶᠢᠭᠤᠯᠵᠤ᠂ ᠨᠠᠰᠤᠲᠠᠶᠢᠴᠤᠳ ᠲᠤ ᠲᠣᠬᠢᠷᠠᠬᠤ ᠣᠨᠴᠠᠯᠢᠭᠲᠤ ᠦᠢᠯᠡᠴᠢᠯᠡᠭᠡᠨ ᠤ ᠥᠭᠡᠷᠡᠴᠢᠯᠡᠯᠲᠡ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠪᠡ᠃ ᠪᠤᠭᠤᠲᠤ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠨᠢ ᠬᠥᠮᠥᠨ ᠤ ᠵᠢᠰᠦ ᠪᠠᠷ ᠢᠯᠭᠠᠨ ᠲᠠᠨᠢᠬᠤ ᠵᠡᠷᠭᠡ ᠮᠡᠷᠭᠡᠵᠢᠯ ᠢ ᠬᠡᠷᠡᠭᠯᠡᠨ ︽ᠨᠢᠭᠡ ᠥᠷᠲᠡᠭᠡᠨ ᠳᠤ ᠦᠢᠯᠡᠴᠢᠯᠡᠬᠦ︾ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠲᠥᠷᠥᠯ ᠵᠦᠢᠯ ᠢ ᠴᠣᠭᠴᠠᠯᠠᠵᠤ᠂ ᠥᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠢ ᠲᠤᠰᠬᠤᠨ ᠠᠴᠠ ᠪᠠᠨ ᠭᠠᠷᠬᠤ ᠦᠭᠡᠢ ᠪᠠᠷ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠵᠢᠴᠢ ᠠᠷᠠᠳ ᠤᠨ ᠠᠮᠢᠳᠤᠷᠠᠯ ᠤᠨ ᠰᠦᠢᠳᠬᠡᠯ ᠲᠤᠰᠢᠶᠠᠬᠤ᠂ ᠨᠡᠶᠢᠭᠡᠮ ᠤᠨ ᠪᠠᠲᠤᠯᠠᠭ᠎ᠠ ᠵᠡᠷᠭᠡ ᠮᠥᠩᠭᠦᠨ ᠭᠦᠢᠯᠭᠡᠭᠡᠨ ᠤ ᠪᠤᠰᠤ ᠦᠢᠯᠡᠴᠢᠯᠡᠭᠡ ᠶᠢ ᠭᠦᠢᠴᠡᠳᠬᠡᠬᠦ ᠪᠣᠯᠭᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号