ᠴᠢᠰᠤ ᠪᠦᠲᠦᠭᠡᠬᠦ ᠡᠰ ᠢᠶᠠᠨ ᠬᠠᠨᠳᠢᠪᠯᠡᠭ᠌ᠰᠠᠨ ᠬᠡᠮᠵᠢᠶ᠎ᠡ 186 ᠬᠤᠪᠢ ᠳᠤ ᠬᠦᠷᠴᠡᠢ
ᠨᠡᠶᠢᠲᠡᠯᠡᠭᠰᠡᠨ ᠴᠠᠭ᠄
2024/10/14
     ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠲᠠᠯ᠎ᠠ ᠮᠠᠨ ᠤ ᠣᠷᠣᠨ ᠤ ᠴᠢᠰᠤ ᠪᠦᠲᠦᠭᠡᠬᠦ ᠡᠰ ᠤᠨ ᠬᠠᠨᠳᠢᠪ ᠤᠨ ᠬᠥᠮᠥᠷᠭᠡ ᠶᠢᠨ ᠪᠠᠭᠲᠠᠭᠠᠮᠵᠢ ᠨᠡᠶᠢᠲᠡ 58739 ᠬᠥᠮᠥᠨ ᠤ ᠬᠤᠪᠢ ᠳᠤ ᠬᠦᠷᠴᠦ᠂ ᠪᠦᠭᠦ ᠣᠷᠣᠨ ᠳᠤ ᠴᠢᠰᠤ ᠪᠦᠲᠦᠭᠡᠬᠦ ᠡᠰ ᠤᠨ ᠬᠠᠨᠳᠢᠪᠯᠡᠭ᠌ᠰᠠᠨ ᠬᠡᠮᠵᠢᠶ᠎ᠡ 186 ᠬᠤᠪᠢ ᠳᠤ ᠬᠦᠷᠴᠡᠢ᠂ ᠡᠭᠦᠨ ᠳᠤ ᠬᠤᠶᠠᠳᠠᠭᠢ ᠤᠳᠠᠭ᠎ᠠ ᠬᠠᠨᠳᠢᠪᠯᠡᠭ᠌ᠰᠠᠨ ᠬᠡᠮᠵᠢᠶ᠎ᠡ 5 ᠬᠤᠪᠢ ᠪᠠᠶᠢᠵᠤ᠂ ᠬᠢᠯᠢ ᠶᠢᠨ ᠭᠠᠳᠠᠨ᠎ᠠ ᠠᠴᠠ 3 ᠬᠤᠪᠢ ᠬᠠᠨᠳᠢᠪᠯᠡᠪᠠ᠃      2004 ᠣᠨ ᠤ 3 ᠰᠠᠷ᠎ᠠ ᠠᠴᠠ ᠮᠠᠨ ᠤ ᠣᠷᠣᠨ ᠴᠢᠰᠤ ᠪᠦᠲᠦᠭᠡᠬᠦ ᠡᠰ ᠬᠠᠨᠳᠢᠪᠯᠡᠬᠤ ᠤᠬᠠᠭᠤᠯᠭ᠎ᠠ ᠪᠠ ᠴᠤᠭᠯᠠᠭᠤᠯᠬᠤ ᠠᠵᠢᠯ ᠢ ᠵᠢᠩᠬᠢᠨᠢ ᠪᠠᠷ ᠥᠷᠨᠢᠭᠦᠯᠵᠦ᠂ ᠲᠤᠬᠠᠢ ᠶᠢᠨ ᠵᠢᠯ ᠤᠨ 11 ᠰᠠᠷ᠎ᠠ ᠳᠤ ᠠᠩᠬᠠᠳᠠᠭᠴᠢ ᠴᠢᠰᠤ ᠪᠦᠲᠦᠭᠡᠬᠦ ᠡᠰ ᠢᠶᠠᠨ ᠬᠠᠨᠳᠢᠪᠯᠡᠭ᠌ᠴᠢ ᠭᠠᠷᠪᠠ᠃ ᠣᠶᠢᠷ᠎ᠠ ᠶᠢᠨ ᠵᠢᠯ ᠳᠤ ᠮᠠᠨ ᠤ ᠣᠷᠣᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠪᠠ ᠴᠢᠰᠤ ᠪᠦᠲᠦᠭᠡᠬᠦ ᠡᠰ ᠬᠠᠨᠳᠢᠪᠯᠡᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ᠪᠦᠭᠦ ᠣᠷᠣᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠪᠠ ᠴᠢᠰᠤ ᠪᠦᠲᠦᠭᠡᠬᠦ ᠡᠰ ᠢᠶᠠᠨ ᠬᠠᠨᠳᠢᠪᠯᠡᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠴᠢᠰᠤ ᠪᠦᠲᠦᠭᠡᠬᠦ ᠡᠰ ᠢᠶᠠᠨ ᠬᠠᠨᠳᠢᠪᠯᠡᠬᠤ ᠠᠵᠢᠯ ᠨᠢ ᠶᠡᠭᠡ ᠬᠠᠶᠢᠷ᠎ᠠ ᠶᠢ ᠳᠠᠮᠵᠢᠭᠤᠯᠬᠤ᠂ ᠬᠠᠷᠠᠮ ᠦᠭᠡᠢ ᠵᠣᠷᠢᠭᠤᠯᠬᠤ ᠬᠥᠮᠥᠡᠯᠢᠭ ᠰᠡᠳᠬᠢᠯᠭᠡ ᠶᠢ ᠢᠯᠡᠷᠡᠭᠦᠯᠵᠦ᠂ ᠬᠠᠨᠳᠢᠪᠯᠡᠭ᠌ᠴᠢᠳ ᠨᠡᠩ ᠴᠤ ᠠᠮᠢ ᠪᠡᠶ᠎ᠡ ᠪᠠᠨ ᠦᠷᠡᠭᠳᠡᠭᠦᠯᠬᠦ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠬᠠᠷᠢᠭᠤᠴᠠᠯᠭ᠎ᠠ ᠶᠢ ᠡᠪᠦᠷᠯᠡᠨ᠂ ᠰᠠᠶᠢᠨ ᠳᠤᠷ᠎ᠠ ᠶᠢᠨ ᠬᠠᠷᠠᠮ ᠦᠭᠡᠢ ᠡᠷᠬᠢᠮ ᠳᠡᠭᠡᠳᠦ ᠵᠣᠷᠢᠭ ᠰᠠᠨᠠᠭ᠎ᠠ ᠶᠢ ᠢᠯᠡᠷᠡᠭᠦᠯᠵᠦ᠂ ᠬᠠᠶᠢᠷ᠎ᠠ ᠰᠡᠳᠬᠢᠯᠭᠡ ᠪᠠᠨ ᠡᠷᠭᠦᠬᠦ᠂ ᠠᠮᠢ ᠨᠠᠰᠤ ᠶᠢ ᠠᠪᠤᠷᠠᠬᠤ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠵᠤ᠂︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠠᠷᠠᠮ ᠦᠭᠡᠢ ᠵᠣᠷᠢᠭᠤᠯᠬᠤ︾ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭᠠᠨ ᠤ ᠲᠤᠬᠠᠢ ᠠᠮᠢᠳᠤᠯᠢᠭ ᠲᠠᠶᠢᠯᠪᠤᠷᠢ ᠶᠢ ᠦᠵᠡᠭᠦᠯᠵᠦ᠂ ᠮᠥᠨᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠳᠠᠲᠠᠢ ᠦᠢᠯᠡᠳᠦᠯᠭᠡ ᠮᠥᠨ᠂ ᠦᠨᠳᠦᠰᠦᠲᠡᠨ ᠨᠦᠭᠦᠳ ᠤᠨ ᠠᠬ᠎ᠠ ᠳᠡᠭᠦᠦ ᠨᠠᠷ ᠤᠨ ᠰᠡᠳᠬᠢᠯ ᠵᠢᠷᠦᠬᠡ᠂ ᠴᠢᠰᠤ ᠮᠢᠬᠠᠨ ᠤ ᠪᠠᠷᠢᠯᠳᠤᠯᠭ᠎ᠠ ᠶᠢ ᠪᠠᠲᠤᠳᠬᠠᠵᠤ᠂ ᠠᠬ᠎ᠠ ᠳᠡᠭᠦᠦ ᠨᠠᠷ ᠬᠠᠷᠢᠯᠴᠠᠨ ᠳᠣᠲᠣᠨᠣᠴᠢᠯᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠢᠷᠠᠭᠤ ᠰᠠᠶᠢᠬᠠᠨ ᠬᠠᠭᠤᠳᠠᠰᠤ ᠶᠢ ᠪᠢᠴᠢᠭᠯᠡᠵᠦ᠂ ᠪᠦᠭᠦ ᠨᠡᠶᠢᠭᠡᠮ ᠢᠶᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠬᠤ ᠦᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃     ᠢᠷᠡᠯᠲᠡ᠄  ᠲᠠᠯ᠎ᠠ ᠨᠤᠲᠤᠭ ᠤᠨ ᠡᠭᠦᠯᠡ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号