︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 - 2025 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠤᠬᠤᠯᠠᠪᠦᠷᠢ
ᠨᠡᠶᠢᠲᠡᠯᠡᠭᠰᠡᠨ ᠴᠠᠭ᠄
2024/10/14
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ            ᠥᠪᠥᠷ ᠵᠠᠰᠠᠭ ᠦᠰᠦᠭ ﹇2024﹈ 149 ᠳ᠋ᠦ᠋ᠭᠡᠷ ᠲᠣᠭᠠᠲᠤ   ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 -  2025 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ   ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄            ᠲᠠᠨ ᠤ ᠬᠤᠲᠠ ᠶᠢᠨ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 - 2025 ᠣᠨ︶  ᠢ ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠬᠥᠬᠡᠬᠤᠲᠠ ᠵᠠᠰᠠᠭ ᠲᠠᠷᠬᠠᠭᠠᠭᠰᠠᠨ ﹇2024﹈ 113 ᠳ᠋ᠤᠭᠠᠷ ᠲᠣᠭᠠᠲᠤ︶ ᠶᠢ ᠬᠦᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄            ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 - 2025 ᠣᠨ︶︾ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽︿ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠣᠭᠲᠠᠭᠠᠯ ﹇2023﹈ 7 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠬᠦ ᠪᠣᠯᠬᠤᠷ᠂ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2024 - 2025 ᠣᠨ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂  ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃ 2024 ᠣᠨ ᠤ 7 ᠳ᠋ᠤᠭᠠᠷ ᠰᠠᠷ᠎ᠠ ᠶᠢᠨ 20 ᠤ ᠡᠳᠦᠷ          ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号