ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠬᠠᠷ᠎ᠠ ᠥᠷᠪᠢ ᠠᠪᠤᠷᠠᠭᠳᠠᠪᠠ
ᠨᠡᠶᠢᠲᠡᠯᠡᠭᠰᠡᠨ ᠴᠠᠭ᠄
2024/10/15
     ᠣᠶᠢᠷ᠎ᠠ ᠳᠤ᠂ ᠰᠠᠶᠢᠬᠠᠨ ᠲᠣᠭᠤᠷᠢᠭ ᠤᠨ ᠬᠤᠸᠠᠩ ᠾᠧ  ᠱᠣᠣ  ᠪᠠᠯᠭᠠᠰᠤᠨ ᠤ  ᠨᠢᠭᠡᠨ ᠲᠣᠰᠭᠤᠨ ᠤ ᠬᠦᠷᠢᠶᠡᠯᠡᠩ ᠳᠤ᠂  ᠪᠡᠶ᠎ᠡ ᠨᠢ  ᠨᠡᠯᠢᠶᠡᠳ ᠶᠡᠭᠡ᠂ ᠤᠷᠲᠤ ᠬᠦᠵᠦᠭᠦᠦ ᠪᠠ ᠤᠷᠲᠤ ᠬᠥᠯ ᠲᠠᠢ ᠥᠷᠪᠢ  ᠶᠢᠨ  ᠢᠵᠠᠭᠤᠷ  ᠲᠥᠷᠥᠯ  ᠵᠦᠢᠯ ᠳᠤ  ᠠᠳᠠᠯᠢᠪᠲᠤᠷ ᠲᠣᠮᠣ ᠰᠢᠪᠠᠭᠤ ᠶᠢ ᠣᠯᠵᠦ ᠬᠠᠷᠠᠪᠠ᠃ ᠲᠣᠰᠬᠤᠨ ᠤ ᠠᠷᠠᠳ ᠴᠠᠭᠳᠠᠭ᠎ᠠ ᠳᠤ ᠮᠡᠳᠡᠭᠦᠯᠦᠨ ᠲᠤᠰᠠᠯᠠᠮᠵᠢ ᠭᠤᠶᠤᠪᠠ᠃
     ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶᠠᠨ ᠤ ᠬᠤᠸᠠᠩ ᠾᠧ ᠱᠣᠣ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠤᠬᠠᠢ ᠶᠢᠨ ᠲᠠᠯᠠᠪᠠᠢ ᠳᠤ ᠬᠦᠷᠴᠦ ᠠᠵᠢᠭᠯᠠᠭᠰᠠᠨ ᠢᠶᠠᠷ᠂  ᠪᠠᠷᠠᠭᠤᠨ ᠲᠠᠯ᠎ᠠ ᠶᠢᠨ ᠳᠠᠯᠠᠪᠴᠢ ᠨᠢ ᠰᠢᠷᠬ᠎ᠠ ᠲᠠᠢ᠂ ᠬᠤᠶᠠᠳᠠᠭᠢ ᠤᠳᠠᠭ᠎ᠠ ᠰᠢᠷᠬᠠᠲᠤᠬᠤ ᠠᠴᠠ ᠵᠠᠶᠢᠯᠠᠰᠬᠢᠬᠦ ᠶᠢᠨ ᠲᠥᠯᠥᠭᠡ᠂ ᠪᠦᠭᠦᠳᠡᠭᠡᠷ ᠬᠠᠮᠲᠤᠷᠠᠨ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠪᠡ᠃ ᠲᠡᠳᠡ ᠬᠠᠷ᠎ᠠ ᠥᠷᠪᠢ ᠶᠢ ᠬᠠᠮᠠᠭᠠᠯᠠᠵᠤ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠦᠷᠳᠡᠭᠡ ᠶᠢᠨ ᠲᠤᠰᠬᠠᠢ ᠮᠡᠷᠭᠡᠵᠢᠯ ᠤᠨ ᠬᠥᠮᠥᠰ ᠢ ᠬᠢᠨᠠᠨ ᠲᠣᠭᠲᠠᠭᠠᠵᠤ ᠠᠪᠤᠷᠠᠨ ᠵᠠᠰᠠᠬᠤ ᠶᠢ ᠬᠦᠯᠢᠶᠡᠨ᠎ᠡ᠃          ᠲᠣᠰᠭᠠᠢ ᠮᠡᠷᠭᠡᠵᠢᠯᠳᠡᠨ ᠤ ᠢᠯᠭᠠᠨ ᠲᠠᠨᠢᠬᠤ ᠪᠠᠷ ᠳᠠᠮᠵᠢᠨ᠂ ᠲᠣᠮᠣ ᠰᠢᠪᠠᠭᠤ ᠪᠣᠯ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ - ᠬᠠᠷ᠎ᠠ ᠥᠷᠪᠢ᠃ ᠠᠪᠤᠷᠠᠨ ᠲᠤᠰᠠᠯᠠᠬᠤ ᠥᠷᠲᠡᠭᠡᠨ ᠤ ᠠᠵᠢᠯᠲᠠᠨ ᠠᠴᠠ ᠬᠠᠷ᠎ᠠ ᠥᠷᠪᠢ ᠳᠤ  ᠪᠠᠶᠢᠴᠠᠭᠠᠯᠲᠠ ᠬᠢᠵᠦ᠂ ᠪᠠᠷᠠᠭᠤᠨ ᠲᠠᠯ᠎ᠠ ᠶᠢᠨ ᠳᠠᠯᠠᠪᠴᠢ   ᠨᠢ ᠰᠢᠷᠬᠠᠲᠤᠭᠰᠠᠨ ᠠᠴᠠ ᠪᠣᠯᠵᠤ ᠲᠦᠷ ᠴᠠᠭ ᠨᠢᠰᠬᠦ ᠶᠢᠨ ᠠᠷᠭ᠎ᠠ ᠦᠭᠡᠢ ᠪᠣᠯᠤᠭᠰᠠᠨ᠂ ᠠᠪᠤᠷᠠᠨ ᠲᠤᠰᠠᠯᠠᠬᠤ ᠥᠷᠲᠡᠭᠡᠨ ᠳᠤ ᠠᠪᠠᠴᠢᠨ ᠲᠥᠬᠦᠮ ᠡᠮᠴᠢᠯᠡᠭᠡ ᠪᠠ ᠠᠵᠢᠭᠯᠠᠯᠲᠠ ᠬᠢᠬᠦ ᠪᠠᠷ ᠲᠣᠭᠲᠠᠪᠠ᠃
     ᠣᠶᠢᠯᠠᠭᠠᠭᠰᠠᠨ ᠢᠶᠠᠷ᠂ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠤ ᠬᠠᠷ᠎ᠠ ᠥᠷᠪᠢ ᠶᠢᠨ ᠰᠦᠷᠦᠭ ᠤᠨ ᠲᠤᠭ᠎ᠠ ᠬᠡᠮᠵᠢᠶ᠎ᠡ ᠨᠢ ᠪᠥᠬᠦ ᠪᠥᠮᠪᠥᠷᠴᠡᠭ ᠤᠨ ᠬᠡᠪᠴᠢᠶᠡᠨ ᠳᠤ ᠢᠯᠡᠳᠲᠡ ᠪᠠᠭᠠᠰᠴᠤ᠂ ᠭᠡᠪᠡᠴᠦ ᠲᠡᠷᠡ  ᠨᠢ ᠠᠮᠢ ᠠᠬᠤᠢ ᠶᠢᠨ ᠣᠷᠴᠢᠨ ᠲᠣᠭᠤᠷᠢᠨ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠣᠰ ᠤᠳᠠᠭᠠᠨ ᠤ ᠰᠠᠶᠢᠬᠠᠨ ᠴᠠᠭᠳᠠᠭ᠎ᠠ ᠠᠷᠠᠳ ᠬᠠᠮᠲᠤᠷᠠᠨ ᠬᠠᠷ᠎ᠠ ᠥᠷᠪᠢ ᠶᠢ ᠠᠪᠤᠷᠠᠨ ᠲᠤᠰᠠᠯᠠᠬᠤ ᠠᠵᠢᠯᠯᠠᠭ᠎ᠠ ᠨᠢ ᠬᠥᠮᠥᠰ ᠤᠨ ᠬᠡᠭᠡᠷ᠎ᠡ ᠶᠢᠨ ᠠᠮᠢᠲᠠᠨ ᠢ ᠬᠠᠯᠠᠮᠵᠢᠯᠠᠨ ᠬᠠᠶᠢᠷᠠᠯᠠᠬᠤ ᠦᠵᠡᠯ ᠤᠬᠠᠮᠰᠠᠷ ᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠨᠡᠶᠢᠭᠡᠮ ᠤᠨ ᠡᠯ᠎ᠡ ᠡᠲᠡᠭᠡᠳ ᠤᠨ ᠪᠠᠶᠢᠭᠠᠯᠢ ᠶᠢᠨ ᠠᠮᠢ ᠠᠬᠤᠢ ᠶᠢ ᠬᠠᠮᠲᠤ ᠪᠠᠷ ᠬᠠᠮᠠᠭᠠᠯᠠᠬᠤ ᠡᠷᠡᠰ ᠵᠣᠷᠢᠭ ᠪᠠ ᠬᠦᠴᠦᠨ ᠴᠢᠳᠠᠯ ᠢ ᠢᠯᠡᠷᠡᠭᠦᠯᠦᠭᠰᠡᠨ ᠪᠠᠶᠢᠨ᠎ᠠ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号