| | ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠠᠯ᠎ᠠ ᠪᠠᠷ᠂ 1 - 9 ᠳ᠋ᠦ᠋ᠭᠡᠷ ᠰᠠᠷ᠎ᠠ ᠳᠤ᠂ ᠮᠠᠨ ᠤ ᠣᠷᠣᠨ | ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠲᠠᠬᠢ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠠᠵᠤ | ᠠᠬᠤᠶᠢᠯᠠᠯ ᠢ 30 ᠰᠢᠨ᠎ᠡ ᠪᠠᠷ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 42.86% ᠪᠠᠷ ᠨᠡᠮᠡᠭᠳᠡᠨ᠂ | ᠪᠥᠬᠦ ᠣᠷᠣᠨ ᠤ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ 81.08% ᠶᠢ | ᠡᠵᠡᠯᠡᠪᠡ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ︽ᠨᠢᠭᠡ ᠪᠦᠰᠡ ᠨᠢᠭᠡ ᠵᠠᠮ︾ | ᠳᠠᠭᠠᠤ ᠶᠢᠨ ᠬᠠᠮᠲᠤ ᠪᠠᠷ ᠪᠠᠶᠢᠭᠤᠯᠬᠤ 28 ᠤᠯᠤᠰ ᠲᠤ ᠣᠲᠣ ᠪᠠᠶᠢᠭ᠎ᠠ ᠬᠢᠯᠢ ᠶᠢᠨ ᠭᠠᠳᠠᠨᠠᠬᠢ ᠪᠡᠯᠡ | ᠣᠷᠣᠭᠤᠯᠤᠯᠲᠠ ᠶᠢᠨ ᠠᠵᠤ ᠠᠬᠤᠶᠢᠯᠠᠯ 401 ᠪᠠᠶᠢᠵᠤ᠂ ᠪᠥᠬᠦ ᠣᠷᠣᠨ ᠤ ᠬᠢᠯᠢ ᠶᠢᠨ ᠭᠠᠳᠠᠨᠠᠬᠢ ᠪᠡᠯᠡ | ᠣᠷᠣᠭᠤᠯᠤᠯᠲᠠ ᠶᠢᠨ ᠠᠵᠤ ᠠᠬᠤᠶᠢᠯᠠᠯ ᠤᠨ 74.81% ᠶᠢ ᠡᠵᠡᠯᠡᠵᠦ᠂ ᠳᠤᠮᠳᠠᠳᠤ ᠶᠢᠨ ᠲᠠᠯ᠎ᠠ ᠶᠢᠨ ᠪᠡᠯᠡ | ᠣᠷᠣᠭᠤᠯᠤᠯᠲᠠ ᠶᠢᠨ ᠶᠡᠷᠦᠩᠬᠡᠢ ᠲᠤᠭ᠎ᠠ 37.25 ᠳ᠋ᠦᠩᠰᠢᠭᠤᠷ ᠳ᠋ᠣᠯᠯᠠᠷ ᠲᠤ ᠬᠦᠷᠴᠦ᠂ ᠪᠥᠭᠡᠮ ᠢᠶᠠᠷ ᠬᠤᠳᠠᠯᠳᠤᠬᠤ | ᠦᠢᠯᠡᠰ᠂ ᠠᠭᠤᠷᠬᠠᠢ ᠮᠠᠯᠲᠠᠬᠤ ᠦᠢᠯᠡᠰ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ | ᠵᠡᠷᠭᠡ ᠠᠵᠢᠯ ᠲᠥᠷᠥᠯ ᠳᠤ ᠲᠥᠪᠯᠡᠷᠡᠭᠦᠯᠦᠨ ᠪᠡᠯᠡ ᠣᠷᠣᠭᠤᠯᠵᠤ ᠪᠤᠢ᠃ ᠭᠠᠳᠠᠭᠠᠳᠤ ᠶᠢᠨ ᠬᠤᠳᠠᠯᠳᠤᠭᠠᠴᠢᠨ ᠤ | ᠪᠡᠯᠡ ᠣᠷᠣᠭᠤᠯᠤᠯᠲᠠ ᠶᠢᠨ ᠲᠠᠯ᠎ᠠ ᠪᠠᠷ᠂ 1- 9 ᠳ᠋ᠦ᠋ᠭᠡᠷ ᠰᠠᠷ᠎ᠠ ᠳᠤ᠂ ︽ᠨᠢᠭᠡ ᠪᠦᠰᠡ ᠨᠢᠭᠡ ᠵᠠᠮ︾ ᠳᠠᠭᠠᠤ ᠶᠢᠨ ᠪᠡᠯᠡ | ᠣᠷᠣᠭᠤᠯᠤᠭᠴᠢᠳ ᠮᠠᠨ ᠤ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠢ 11 ᠪᠠᠶᠢᠭᠤᠯᠵᠤ᠂ ᠠᠳᠠᠯᠢ ᠬᠤᠭᠤᠴᠠᠭᠠᠨ ᠤ ᠬᠢ ᠠᠴᠠ 83.33% ᠪᠠᠷ ᠨᠡᠮᠡᠭᠳᠡᠵᠦ᠂ ᠲᠡᠦᠬᠡ ᠶᠢᠨ | ᠠᠳᠠᠯᠢ ᠬᠤᠭᠤᠴᠠᠭᠠᠨ ᠤ ᠬᠠᠮᠤᠭ ᠤᠨ ᠥᠨᠳᠥᠷ ᠣᠷᠭᠢᠯ ᠬᠡᠮᠵᠢᠭᠳᠡᠯ ᠳᠤ ᠬᠦᠷᠴᠦ᠂ ᠪᠦᠬᠦ ᠣᠷᠣᠨ ᠤ ᠰᠢᠨ᠎ᠡ ᠪᠠᠷ | ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ 35. | 48% ᠶᠢ ᠡᠵᠡᠯᠡᠪᠡ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ︽ᠨᠢᠭᠡ ᠪᠦᠰᠡ ᠨᠢᠭᠡ ᠵᠠᠮ︾ ᠳᠠᠭᠠᠤ ᠶᠢᠨ | ᠬᠠᠮᠲᠤ ᠪᠠᠷ ᠪᠠᠶᠢᠭᠤᠯᠬᠤ 20 ᠤᠯᠤᠰ ᠠᠴᠠ ᠮᠠᠨ ᠤ ᠣᠷᠣᠨ ᠳᠤ ᠰᠢᠭᠤᠳ ᠪᠡᠯᠡ ᠣᠷᠣᠭᠤᠯᠵᠤ᠂ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ 134 ᠪᠠᠶᠢᠭᠤᠯᠵᠤ᠂ ᠭᠠᠳᠠᠭᠠᠳᠤ ᠶᠢᠨ ᠲᠠᠯ᠎ᠠ ᠶᠢᠨ | ᠬᠢᠨ ᠤ ᠳᠠᠩᠰᠠᠯᠠᠭᠤᠯᠤᠭᠰᠠᠨ ᠬᠥᠷᠥᠩᠭᠡ 13.35 ᠳ᠋ᠦᠩᠰᠢᠭᠤᠷ ᠳ᠋ᠣᠯᠯᠠᠷ ᠲᠤ ᠬᠦᠷᠴᠦ᠂ ᠬᠢᠯᠢ ᠠᠯᠤᠰᠯᠠᠭᠰᠠᠨ | ᠤᠷᠤᠭᠤᠯᠤᠯᠲᠠ ᠨᠡᠶᠢᠲᠡ 7.62 ᠳ᠋ᠦᠩᠰᠢᠭᠤᠷ ᠳ᠋ᠣᠯᠯᠠᠷ ᠲᠤ ᠬᠦᠷᠴᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ᠂ ᠠᠭᠤᠷᠬᠠᠢ ᠮᠠᠯᠲᠠᠬᠤ ᠦᠢᠯᠡᠰ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ | ᠠᠵᠤ ᠠᠬᠤᠢ ᠵᠢᠴᠢ ᠲᠡᠭᠦᠨ ᠤ ᠦᠢᠯᠡᠴᠢᠯᠡᠭᠡᠨ ᠤ ᠦᠢᠯᠡᠰ᠂ ᠢᠳᠡᠭᠡᠨ ᠤᠮᠳᠠᠭᠠᠨ ᠬᠤᠳᠠᠯᠳᠤᠭᠠᠨ ᠤ ᠶᠠᠪᠤᠳᠠᠯ | ᠰᠣᠶᠣᠯ ᠵᠠᠭᠤᠴᠢᠯᠠᠭᠤᠷ ᠤᠨ ᠦᠢᠯᠡᠴᠢᠯᠡᠭᠡᠨ ᠤ ᠦᠢᠯᠡᠰ ᠵᠡᠷᠭᠡ ᠠᠵᠢᠯ ᠲᠥᠷᠥᠯ ᠳᠤ ᠲᠥᠪᠯᠡᠷᠡᠭᠦᠯᠦᠨ ᠪᠡᠯᠡ | ᠣᠷᠣᠭᠤᠯᠪᠠ᠃ ︵ᠳᠤᠮᠳᠠᠳᠤ ᠤᠯᠤᠰ ᠤᠨ ᠠᠷᠠᠳ ᠤᠨ ᠪᠠᠩᠬᠢ︶ |