ᠬᠠᠮᠤᠭ ᠤᠨ ᠭᠤᠶᠣ ᠭᠡᠷ ᠤᠨ ᠰᠤᠷᠲᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠠᠪᠤᠭᠳᠠᠵᠠᠢ
ᠨᠡᠶᠢᠲᠡᠯᠡᠭᠰᠡᠨ ᠴᠠᠭ᠄
2024/10/15
     ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠶᠢᠨ ᠬᠢᠨ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ᠡᠮᠦᠨᠡᠬᠡᠨ ︽ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠤᠯᠤᠰ ᠣᠷᠣᠨ ᠤ ᠬᠦᠰᠡᠯ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ ᠭᠡᠬᠦ  ᠪᠦᠭᠦ ᠣᠷᠣᠨ ᠤ ᠬᠠᠮᠤᠭ ᠤᠨ ᠭᠤᠶᠣ ᠭᠡᠷ ᠤᠨ ᠰᠤᠷᠲᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ  ᠥᠷᠨᠢᠭᠦᠯᠪᠡ᠃      ᠠᠵᠢᠯᠯᠠᠭ᠎ᠠ ᠳᠡᠭᠡᠷ᠎ᠡ᠂  ᠤᠮᠠᠷᠠᠲᠤ ᠬᠢᠯᠢ ᠶᠢᠨ ᠵᠢᠱᠢᠶᠡᠴᠢ᠂ ᠥᠪᠡᠷᠲᠡᠭᠡᠨ ᠵᠠᠰᠠᠬᠤ ᠣᠷᠣᠨ ᠤ ᠲᠠᠪᠤᠨ ᠰᠠᠶᠢᠨᠲᠠᠢ ᠭᠡᠷ ᠪᠦᠯᠢ ᠶᠢᠨ ᠲᠥᠯᠥᠭᠡᠯᠡᠭᠴᠢ᠂ ᠪᠦᠭᠦ ᠤᠯᠤᠰ ᠤᠨ ᠲᠠᠪᠤᠨ ᠰᠠᠶᠢᠨᠲᠠᠢ ᠭᠡᠷ ᠪᠦᠯᠢ ᠶᠢᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ︽3·8︾ ᠤ ᠤᠯᠠᠭᠠᠨ ᠲᠤᠭᠴᠢ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠥᠨ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠭᠤᠶᠤ ᠭᠡᠷ ᠪᠦᠯᠢ ᠶᠢᠨ ᠲᠥᠯᠥᠭᠡᠯᠡᠭᠴᠢ᠂ ᠨᠠᠰᠤᠲᠠᠨ ᠢᠶᠠᠨ ᠠᠰᠠᠷᠠᠵᠤ ᠲᠥᠷᠥᠯ ᠰᠠᠳᠤᠨ ᠢᠶᠠᠨ ᠬᠠᠶᠢᠷᠠᠯᠠᠭᠰᠠᠨ ᠶᠣᠰᠣ ᠰᠤᠷᠲᠠᠬᠤᠨ ᠤ ᠵᠢᠱᠢᠶᠡᠴᠢ ᠠᠴᠠ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ᠂ ᠨᠠᠰᠤᠲᠠᠨ ᠢᠶᠠᠨ ᠠᠰᠠᠷᠠᠭᠰᠠᠨ᠂ ᠬᠢᠯᠢ ᠬᠢᠵᠠᠭᠠᠷ ᠣᠷᠣᠨ ᠢ ᠰᠠᠬᠢᠨ ᠬᠠᠮᠠᠭᠠᠯᠠᠭᠰᠠᠨ᠂ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠦᠭᠰᠡᠨ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠬᠰᠠᠨ ᠦᠢᠯᠡ ᠶᠠᠪᠤᠳᠠᠯ ᠪᠠ ᠬᠠᠮᠤᠭ ᠤᠨ ᠭᠤᠶᠤ ᠭᠡᠷ ᠤᠨ ᠰᠤᠷᠲᠠᠯ ᠤᠨ ᠦᠯᠢᠭᠡᠷ ᠢᠶᠠᠨ ᠤᠯᠠᠨ ᠲᠠᠢ  ᠬᠤᠪᠢᠶᠠᠯᠴᠠᠪᠠ᠃      ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠠᠴᠠ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ︽ᠰᠢ ᠶᠢᠨ ᠫᠢᠩ ᠠᠷᠠᠳ ᠤᠨ ᠭᠡᠷ ᠢᠶᠠᠷ ᠠᠶᠢᠯᠴᠢᠯᠠᠬᠰᠠᠨ ᠨᠢ︾᠂ ︽ᠰᠢ ᠶᠢᠨ ᠫᠢᠩ ᠤᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠵᠡᠷᠭᠡ ᠨᠣᠮ ᠬᠠᠨᠳᠢᠪᠯᠡᠭ᠌ᠰᠠᠨ ᠪᠥᠭᠡᠳ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ 100 ᠡᠮᠡᠭᠲᠡᠢ ᠰᠤᠷᠤᠬᠴᠢ ᠳᠤ 10 ᠲᠦᠮᠡᠨ ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠠᠨᠳᠢᠪᠯᠡᠪᠠ᠃      ᠣᠶᠢᠯᠠᠭᠠᠭᠰᠠᠨ ᠢᠶᠠᠷ᠂ ᠬᠠᠮᠤᠭ ᠤᠨ ᠭᠤᠶᠣ ᠭᠡᠷ ᠪᠦᠯᠢ ᠶᠢ ᠡᠷᠢᠬᠦ ᠠᠵᠢᠯᠯᠠᠭ᠎ᠠ ᠶᠢ ᠥᠷᠨᠢᠭᠦᠯᠦᠭᠰᠡᠨ 10 ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠨᠡᠶᠢᠲᠡ 13 ᠲᠦᠮᠡ ᠭᠠᠷᠤᠢ ᠡᠷᠦᠭᠡ ᠡᠯ᠎ᠡ ᠱᠠᠲᠤᠨ ᠤ ᠡᠯ᠎ᠡ ᠲᠥᠷᠥᠯ ᠤᠨ ︽ᠬᠠᠮᠤᠭ ᠤᠨ ᠭᠤᠶᠣ ᠭᠡᠷ ᠪᠦᠯᠢ︾ ᠶᠢ ᠢᠯᠡᠷᠡᠭᠦᠯᠵᠦ᠂ ᠪᠦᠭᠦ ᠣᠷᠣᠨ ᠤ  ᠭᠡᠷ ᠪᠦᠯᠢ ᠶᠢᠨ ᠬᠢᠨ ᠤ ᠳᠤᠮᠳᠠ ︽ᠬᠠᠮᠤᠭ ᠤᠨ ᠭᠤᠶᠣ ᠭᠡᠷ ᠪᠦᠯᠢ︾ ᠠᠴᠠ ᠲᠠᠭᠠᠨ ᠰᠤᠷᠤᠯᠴᠠᠬᠤ᠂ ᠬᠠᠮᠤᠭ ᠤᠨ ᠭᠤᠶᠣ  ᠭᠡᠷ ᠪᠦᠯᠢ ᠪᠤᠯᠬᠤ ᠪᠠᠷ ᠴᠢᠷᠮᠠᠶᠢᠨ ᠲᠡᠮᠡᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号