︽ᠴᠡᠪᠡᠷ ᠲᠤᠩᠭᠠᠯᠠᠭ·ᠰᠦᠯᠵᠢᠶᠡᠨ ᠤ ᠦᠭᠡ ᠭᠡᠯᠡ ᠦᠰᠦᠭ ᠪᠢᠴᠢᠭ ᠤᠨ ᠬᠡᠷᠡᠭᠯᠡᠯᠲᠡ ᠶᠢ ᠵᠢᠷᠤᠮᠵᠢᠭᠤᠯᠬᠤ︾ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
     ᠰᠤᠷᠪᠤᠯᠵᠢᠯᠠᠬᠴᠢ 11 ᠤ ᠡᠳᠦᠷ ᠲᠥᠪ ᠤᠨ ᠢᠨᠲ᠋ᠧᠷ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠥᠰᠥᠭ ᠪᠢᠴᠢᠭ ᠢ ᠰᠦᠯᠵᠢᠶᠡᠨ ᠳᠡᠭᠡᠷ᠎ᠡ ᠵᠢᠷᠤᠮᠵᠢᠭᠤᠨ ᠪᠤᠰᠤ ᠬᠡᠷᠡᠭᠯᠡᠵᠦ ᠪᠠᠶᠢᠭ᠎ᠠ ᠦᠵᠡᠭᠳᠡᠯ ᠢ ᠴᠡᠭᠴᠡᠯᠡᠨ ᠵᠠᠰᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠠᠰᠢᠭᠲᠠᠢ ᠰᠦᠯᠵᠢᠶᠡᠨ ᠤ ᠣᠷᠴᠢᠨ ᠨᠥᠬᠦᠴᠡᠯ ᠪᠠ ᠬᠥᠮᠥᠨ ᠬᠥᠮᠥᠵᠢᠭᠦᠯᠬᠦ ᠠᠮᠢ ᠠᠬᠤᠢ ᠶᠢ ᠪᠤᠶ ᠪᠤᠯᠭᠠᠬᠤ ᠶᠢᠨ ᠲᠥᠯᠥᠭᠡ᠂ ᠲᠥᠪ ᠤᠨ ᠢᠨᠲ᠋ᠧᠷ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠬᠤᠷᠢᠶᠠᠨ ᠤ ᠠᠯᠪᠠᠨ ᠭᠡᠷ᠂ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠴᠡᠪᠡᠷ ᠲᠤᠩᠭᠠᠯᠠᠭ·ᠰᠦᠯᠵᠢᠶᠡᠨ ᠤ ᠦᠭᠡ ᠭᠡᠯᠡ ᠥᠰᠥᠭ ᠪᠢᠴᠢᠭ ᠤᠨ ᠬᠡᠷᠡᠭᠯᠡᠯᠲᠡ ᠶᠢ ᠵᠢᠷᠤᠮᠵᠢᠭᠤᠯᠬᠤ︾ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠪᠡ᠃      ᠲᠤᠰᠬᠠᠢ ᠠᠵᠢᠯᠯᠠᠭ᠎ᠠ ᠨᠢ ᠬᠡᠰᠡᠭ ᠰᠦᠯᠵᠢᠶᠡᠨ ᠤ ᠲᠠᠪᠴᠠᠩ ᠤᠨ ᠬᠠᠯᠠᠮᠰᠢᠯ ᠬᠠᠶᠢᠯᠲᠠ ᠶᠢᠨ ᠨᠡᠷᠡᠰ᠂ ᠲᠦᠷᠦᠭᠦᠦ ᠨᠢᠭᠤᠷ ᠲᠦᠷᠦᠭᠦᠦ ᠳᠡᠯᠭᠡᠴᠡ᠂ ᠨᠠᠷᠢᠯᠢᠭ ᠰᠣᠩᠭᠤᠯᠲᠠ ᠵᠡᠷᠭᠡ ᠭᠤᠣᠯᠳᠠᠯᠭ᠎ᠠ ᠲᠠᠢ ᠭᠤᠭᠴᠣᠭᠠᠨ ᠳᠤ ᠢᠯᠡᠷᠡᠭᠰᠡᠨ ᠦᠭᠡ ᠭᠡᠯᠡ ᠥᠰᠥᠭ ᠪᠢᠴᠢᠭ ᠤᠨ ᠵᠢᠷᠤᠮᠵᠢᠯ ᠦᠭᠡᠢ᠂ ᠪᠣᠯᠪᠠᠰᠤᠨ ᠪᠤᠰᠤ ᠦᠵᠡᠭᠳᠡᠯ ᠳᠤ ᠠᠩᠬᠠᠷᠤᠯ  ᠢᠶᠠᠨ ᠲᠥᠪᠯᠡᠷᠡᠭᠦᠯᠵᠦ᠂ ᠳᠠᠭᠤᠤ᠂ ᠭᠡᠯᠪᠡᠷᠢ᠂ ᠤᠳᠬ᠎ᠠ ᠶᠢ ᠭᠠᠵᠢᠭᠤᠳᠠᠭᠤᠯᠬᠤ᠂ ᠰᠦᠯᠵᠢᠶᠡᠨ ᠤ ᠬᠠᠷ᠎ᠠ ᠦᠭᠡ ᠮᠠᠭᠤᠬᠠᠢ ᠦᠭᠡ ᠵᠣᠬᠢᠶᠠᠬᠤ᠂ ᠪᠠᠯᠠᠷᠬᠠᠢ ᠲᠣᠭᠤᠷᠢᠭᠤ ᠪᠠᠷ ᠢᠯᠡᠳᠬᠡᠬᠦ ᠵᠡᠷᠭᠡ ᠲᠣᠪᠣᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃      ᠲᠤᠰᠬᠠᠢ ᠠᠵᠢᠯᠯᠠᠭ᠎ᠠ ᠳᠤ᠂ ᠡᠯ᠎ᠡ ᠭᠠᠵᠠᠷ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠬᠦ ᠪᠠᠨ ᠴᠢᠩᠭᠠᠳᠬᠠᠵᠤ᠂ ᠬᠠᠤᠯᠢ ᠶᠣᠰᠣᠭᠠᠷ ᠬᠠᠮᠢᠶᠠᠷᠬᠤ ᠪᠠ ᠵᠥᠪ ᠲᠠᠯ᠎ᠠ ᠠᠴᠠ ᠬᠥᠲᠥᠯᠥᠨ ᠵᠢᠯᠤᠭᠤᠳᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠲᠤᠰᠬᠠᠯ ᠲᠥᠪᠯᠡᠷᠡᠭᠰᠡᠨ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠵᠤ᠂ ᠨᠠᠰᠤᠨ ᠳᠤ ᠥᠯᠥ ᠭᠦᠷᠦᠭᠰᠡᠳ ᠵᠡᠷᠭᠡ ᠣᠨᠴᠠᠭᠠᠶ ᠬᠥᠮᠥᠰ ᠤᠨ ᠡᠷᠬᠡ ᠠᠰᠢᠭ ᠢ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠵᠢᠷᠤᠮᠵᠢᠭᠤᠨ ᠪᠤᠰᠤ᠂ ᠪᠣᠯᠪᠠᠰᠤᠨ ᠪᠤᠰᠤ ᠰᠦᠯᠵᠢᠶᠡᠨ ᠤ ᠦᠭᠡ ᠭᠡᠯᠡ ᠥᠰᠥᠭ ᠪᠢᠴᠢᠭ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠥᠪᠯᠡᠷᠡᠩᠭᠦᠢ ᠠᠷᠢᠯᠭᠠᠵᠤ᠂ ᠴᠡᠭᠴᠡᠯᠡᠨ ᠵᠠᠰᠠᠬᠤ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠭᠡ ᠭᠡᠯᠡ ᠦᠰᠦᠭ ᠪᠢᠴᠢᠭ ᠤᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠦᠭᠡ ᠭᠡᠯᠡ ᠦᠰᠦᠭ ᠪᠢᠴᠢᠭ ᠢ ᠪᠣᠯᠪᠠᠰᠤᠨ ᠢᠶᠠᠷ ᠬᠡᠷᠡᠭᠯᠡᠵᠦ᠂ ᠨᠡᠶᠢᠭᠡᠮ ᠳᠠᠶᠠᠭᠠᠷ ᠢᠶᠠᠨ ᠴᠢᠬᠤᠯᠠᠴᠢᠯᠠᠬᠤ ᠪᠠ ᠣᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠱᠠᠭᠠᠷᠳᠠᠵᠠᠢ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠭᠢᠯᠭᠠᠨ ᠮᠡᠳᠡᠭᠡ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号