ᠨᠠᠮᠤᠷ ᠤᠨ ᠤᠯᠠᠷᠢᠯ ᠳᠤ ᠬᠡᠷᠬᠢᠨ ᠪᠡᠶ᠎ᠡ ᠴᠢᠭᠢᠷᠠᠭᠵᠢᠭᠤᠯᠬᠤ ᠪᠤᠢ︖
ᠨᠡᠶᠢᠲᠡᠯᠡᠭᠰᠡᠨ ᠴᠠᠭ᠄
2024/10/15
     ᠮᠡᠳᠡᠭᠡᠵᠢ᠂ ᠨᠠᠮᠤᠷ ᠤᠨ ᠤᠯᠠᠷᠢᠯ ᠪᠣᠯ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠤ ᠲᠣᠬᠢᠷᠠᠮᠵᠢᠲᠠᠢ ᠤᠯᠠᠷᠢᠯ ᠮᠥᠨ᠂ ᠨᠠᠮᠤᠷ ᠤᠨ ᠤᠯᠠᠷᠢᠯ ᠳᠤ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠨᠢ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠵᠦ᠂ ᠭᠠᠳᠠᠭᠠᠳᠤ ᠣᠷᠴᠢᠨ ᠤ ᠬᠦᠢᠲᠡᠨ ᠢ ᠡᠰᠡᠷᠭᠦᠴᠡᠬᠦ ᠰᠡᠳᠡᠯᠲᠡ ᠥᠭᠬᠦ ᠴᠢᠳᠠᠪᠤᠷᠢ ᠶᠢ ᠴᠢᠩᠭᠠᠷᠠᠭᠤᠯᠬᠤ ᠳᠤ ᠠᠰᠢᠭᠲᠠᠢ ᠶᠤᠮ᠃ ᠨᠠᠮᠤᠷ ᠤᠨ ᠤᠯᠠᠷᠢᠯ ᠳᠤ ᠥᠷᠯᠥᠭᠡ ᠦᠳᠡᠰᠢ ᠶᠢᠨ ᠳᠤᠯᠠᠭᠠᠨ ᠤ ᠵᠥᠷᠢᠶ᠎ᠡ ᠶᠡᠭᠡ ᠪᠤᠯᠪᠠᠴᠦ ᠡᠳᠦᠷ ᠤᠨ ᠳᠤᠯᠠᠭᠠᠨ ᠤ ᠬᠡᠮᠵᠢᠶ᠎ᠡ ᠲᠣᠬᠢᠷᠠᠮᠵᠢᠲᠠᠢ ᠦᠶ᠎ᠡ ᠳᠤ ᠬᠥᠳᠡᠯᠭᠡᠭᠡᠨ ᠬᠢᠬᠦ ᠨᠢ ᠬᠠᠮᠤᠭ ᠤᠨ ᠲᠠᠭᠠᠯᠠᠮᠵᠢᠲᠠᠢ ᠪᠠᠶᠢᠳᠠᠭ᠃      ᠨᠠᠮᠤᠷ ᠤᠨ ᠤᠯᠠᠷᠢᠯ ᠳᠤ ᠪᠡᠶ᠎ᠡ ᠴᠢᠭᠢᠷᠠᠭᠵᠢᠭᠤᠯᠬᠤ ᠨᠢ ᠴᠢᠰᠤᠨ ᠰᠤᠳᠠᠯ ᠢ ᠵᠥᠭᠡᠯᠡᠷᠡᠭᠦᠯᠵᠦ᠂ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠤᠨ᠂ ᠰᠡᠳᠬᠢᠯ ᠰᠠᠨᠠᠭ᠎ᠠ ᠶᠢ ᠪᠠᠶᠠᠰᠬᠠᠵᠤ᠂ ᠲᠠᠭᠰᠢᠭᠤᠷ ᠬᠢᠮᠤᠷᠠᠭ᠎ᠠ ᠶᠢ ᠰᠡᠷᠭᠡᠶᠢᠯᠡᠵᠦ ᠴᠢᠳᠠᠳᠠᠭ᠃      ᠲᠡᠭᠡᠪᠡᠯ ᠨᠠᠮᠤᠷ ᠤᠨ ᠤᠯᠠᠷᠢᠯ ᠳᠤ ᠶᠠᠮᠠᠷ ᠬᠥᠳᠡᠯᠭᠡᠭᠡᠨ ᠢ ᠰᠣᠩᠭᠤᠪᠠᠯ ᠲᠣᠬᠢᠷᠠᠮᠵᠢᠲᠠᠢ ᠪᠢᠯᠡ︖ ᠡᠭᠦᠨ ᠳᠤ ᠤᠯᠠᠨ ᠵᠦᠢᠯ ᠤᠨ ᠰᠣᠩᠭᠤᠯᠲᠠ ᠪᠤᠢ᠃ ᠵᠢᠱᠢᠶᠡᠯᠡᠪᠡᠯ᠂ ᠠᠯᠭᠤᠷ ᠭᠦᠶᠦᠬᠦ ᠨᠢ ᠬᠠᠮᠤᠭ ᠤᠨ ᠦᠨᠳᠦᠰᠦᠨ ᠬᠦᠴᠢᠯᠲᠥ᠋ᠷᠥᠭᠴᠢᠲᠦ ᠬᠥᠳᠡᠯᠭᠡᠭᠡᠨ ᠤ ᠨᠢᠭᠡ ᠪᠣᠯᠤᠭᠰᠠᠨ ᠤ ᠬᠤᠪᠢ ᠳᠤ ᠵᠢᠷᠦᠬᠡ ᠠᠭᠤᠰᠬᠢᠨ ᠤ ᠠᠵᠢᠯᠯᠠᠭ᠎ᠠ ᠶᠢ ᠢᠯᠡᠳᠲᠡ ᠰᠠᠶᠢᠵᠢᠷᠠᠭᠤᠯᠵᠤ᠂ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠦᠨ᠂ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠮᠠᠷᠢᠶ᠎ᠠ ᠶᠢ ᠰᠢᠭᠤᠷᠠᠭᠤᠯᠬᠤ ᠳᠤ ᠲᠤᠰᠠᠲᠠᠢ ᠪᠠᠶᠢᠳᠠᠭ᠃      ᠠᠯᠬᠤᠬᠤ ᠪᠣᠯ ᠨᠢᠭᠡ ᠵᠦᠢᠯ ᠤᠨ ᠳᠥᠭᠦᠮ ᠪᠥᠭᠡᠳ ᠪᠦᠲᠦᠮᠵᠢᠲᠡᠶ ᠬᠦᠴᠢᠯᠲᠥ᠋ᠷᠥᠭᠴᠢᠲᠦ ᠬᠥᠳᠡᠯᠭᠡᠭᠡᠨ ᠪᠣᠯᠣᠨ᠎ᠠ᠂ ᠥᠭᠡᠬᠦ ᠶᠢ ᠪᠠᠭᠤᠷᠠᠭᠤᠯᠤᠨ᠂ ᠵᠢᠷᠦᠬᠡ ᠠᠭᠤᠰᠬᠢᠨ ᠤ ᠠᠵᠢᠯᠯᠠᠭ᠎ᠠ ᠶᠢ ᠳᠡᠭᠡᠭᠰᠢᠯᠡᠭᠦᠯᠭᠦ ᠶᠢᠨ ᠬᠠᠮᠲᠤ ᠪᠠᠰᠠ ᠴᠢᠰᠤᠨ ᠳᠠᠷᠤᠯᠲᠠ᠂ ᠴᠢᠰᠤᠨ ᠰᠢᠬᠢᠷ ᠪᠠ ᠴᠢᠰᠤᠨ ᠤ ᠥᠭᠡᠬᠦ ᠶᠢ ᠬᠢᠵᠠᠭᠠᠷᠯᠠᠵᠤ᠂ ᠰᠡᠳᠬᠢᠴᠡ ᠶᠢᠨ ᠳᠠᠷᠤᠯᠲᠠ ᠶᠢ ᠭᠦᠩᠭᠡᠷᠡᠭᠦᠯᠦᠨ᠎ᠡ; ᠰᠠᠭᠰᠤᠨ ᠪᠥᠮᠪᠦᠭᠡ᠂ ᠬᠥᠯ ᠪᠥᠮᠪᠦᠭᠡ᠂ ᠠᠯᠠᠭᠠᠳᠠᠬᠤ ᠪᠥᠮᠪᠦᠭᠡ ᠨᠠᠭᠠᠳᠬᠤ ᠨᠢ ᠵᠢᠷᠦᠬᠡ ᠠᠭᠤᠰᠬᠢᠨ ᠤ ᠠᠵᠢᠯᠯᠠᠭ᠎ᠠ᠂ ᠪᠤᠯᠴᠢᠩ ᠤᠨ ᠬᠦᠴᠦ᠂ ᠲᠡᠩᠴᠡᠭᠦᠷᠢ ᠶᠢᠨ ᠴᠢᠳᠠᠪᠤᠷᠢ ᠪᠠ ᠲᠤᠰᠬᠠᠯ ᠤᠨ ᠴᠢᠳᠠᠪᠤᠷᠢ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠰᠠᠶᠢᠵᠢᠷᠠᠭᠤᠯᠤᠨ᠎ᠠ; ᠪᠠᠰᠠ ᠳᠤᠭᠤᠢ ᠤᠨᠤᠬᠤ᠂ ᠦᠳᠦᠨ ᠪᠥᠮᠪᠦᠭᠡ ᠨᠠᠭᠠᠳᠬᠤ᠂ ᠠᠭᠤᠯᠠ ᠠᠪᠠᠷᠢᠬᠤ᠂ ᠶᠤᠭ᠎ᠠ ᠵᠡᠷᠭᠡ ᠁ ᠪᠢᠳᠡ ᠨᠠᠰᠤᠨ ᠤ ᠪᠠᠶᠢᠳᠠᠯ ᠪᠠ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠦᠨᠳᠦᠰᠦᠯᠡᠵᠦ ᠵᠣᠬᠢᠰᠲᠠᠢ ᠬᠥᠳᠡᠯᠭᠡᠭᠡᠨ ᠢ ᠰᠣᠩᠭᠤᠵᠤ ᠪᠡᠶ᠎ᠡ ᠪᠠᠨ ᠪᠤᠯᠪᠠᠰᠤᠷᠠᠭᠤᠯᠵᠤ ᠪᠣᠯᠣᠨ᠎ᠠ᠃      ᠲᠤᠰᠬᠠᠢ ᠮᠡᠷᠭᠡᠵᠢᠯᠲᠡ ᠤ ᠰᠠᠨᠠᠭᠤᠯᠤᠭᠰᠠᠨ ᠢᠶᠠᠷ᠂ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠤ ᠬᠦᠴᠢᠯᠲᠥ᠋ᠷᠥᠭᠴᠢᠲᠦ ᠬᠥᠳᠡᠯᠭᠡᠭᠡᠨ ᠢᠶᠠᠷ ᠭᠤᠣᠯᠯᠠᠭᠤᠯᠵᠤ᠂ ᠳᠤᠮᠳᠠ ᠨᠠᠰᠤᠨ ᠤ ᠬᠥᠮᠥᠰ ᠲᠦᠷᠭᠡᠨ ᠠᠯᠬᠤᠬᠤ᠂ ᠤᠳᠠᠭᠠᠨ ᠭᠦᠶᠦᠬᠦ᠂ ᠠᠰᠠᠷ ᠤᠨ ᠱᠠᠲᠤ ᠪᠠᠷ ᠮᠠᠴᠤᠬᠤ ᠵᠡᠷᠭᠡ ᠳᠣᠣᠷ᠎ᠠ ᠬᠦᠴᠢᠯᠲᠥ᠋ᠷᠥᠭᠴᠢᠲᠦ ᠬᠥᠳᠡᠯᠭᠡᠭᠡᠨ ᠢ ᠰᠣᠩᠭᠤᠵᠤ ᠪᠤᠯᠣᠨ᠎ᠠ; ᠨᠠᠰᠤᠲᠠᠶᠢᠴᠤᠳ ᠰᠤᠯᠠ ᠠᠯᠬᠤᠬᠤ᠂ ᠶᠤᠭ᠎ᠠ᠂ ᠨᠡᠷᠡᠬᠦᠢ ᠨᠢᠳᠤᠷᠭ᠎ᠠ ᠵᠡᠷᠭᠡ ᠶᠢ ᠰᠣᠩᠭᠤᠵᠤ ᠪᠣᠯᠣᠨ᠎ᠠ᠃ ᠨᠠᠮᠤᠷ ᠤᠨ ᠤᠯᠠᠷᠢᠯ ᠳᠤ ᠬᠥᠮᠥᠨ ᠤ ᠮᠡᠳᠡᠷᠡᠯ ᠤᠨ ᠰᠢᠰᠲ᠋ᠧᠮ ᠤᠨ ᠬᠥᠭᠡᠷᠦᠯᠲᠡ ᠶᠢᠨ ᠴᠢᠨᠠᠷ ᠨᠡᠮᠡᠭᠳᠡᠵᠦ᠂ ᠹᠢᠽᠢᠣᠯᠣᠭᠢ ᠶᠢᠨ  ᠠᠵᠢᠯᠯᠠᠭ᠎ᠠ ᠬᠥᠭᠵᠢᠶᠡᠨ ᠲᠠᠢ ᠪᠤᠯᠬᠤ ᠬᠠᠨᠳᠤᠰᠢ ᠲᠠᠢ ᠪᠣᠯᠣᠨ᠎ᠠ᠃ ᠡᠨᠡ ᠤᠯᠠᠷᠢᠯ ᠳᠤ ᠬᠥᠮᠥᠰ ᠠᠮᠠᠷᠬᠠᠨ ᠪᠡᠶ᠎ᠡ ᠶᠢᠨ  ᠲᠠᠮᠢᠷ ᠤᠨ ᠬᠥᠳᠡᠯᠭᠡᠭᠡᠨ ᠢ ᠬᠡᠲᠦᠷᠬᠡᠢ ᠬᠢᠬᠦ ᠠᠴᠠ ᠪᠣᠯᠵᠤ ᠶᠠᠳᠠᠷᠠᠨ᠂ ᠠᠵᠢᠯ ᠪᠣᠯᠣᠨ ᠡᠷᠡᠭᠦᠯ ᠮᠡᠨᠳᠦ ᠪᠠᠨ ᠨᠥᠯᠥᠭᠡᠯᠡᠵᠦ ᠮᠡᠳᠡᠨ᠎ᠡ᠃ ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠥᠮᠥᠰ ᠬᠥᠳᠡᠯᠭᠡᠭᠡᠨ ᠤ ᠴᠠᠭ ᠪᠠ ᠬᠥᠳᠡᠯᠭᠡᠭᠡᠨ ᠤ ᠡᠷᠴᠢᠮ ᠢᠶᠠᠨ ᠰᠠᠶᠢᠲᠤᠷ ᠲᠣᠬᠢᠷᠠᠭᠤᠯᠬᠤ ᠬᠡᠷᠡᠭᠲᠡᠢ᠃ ᠶᠡᠷᠦ ᠶᠢᠨ ᠪᠠᠶᠢᠳᠠᠯ ᠳᠤ᠂ ᠢᠳᠡᠷ ᠨᠠᠰᠤᠲᠠᠶᠢᠴᠤᠳ ᠤᠳᠠᠭ᠎ᠠ ᠪᠦᠷᠢ 1.5 ᠴᠠᠭ ᠠᠴᠠ ᠢᠯᠡᠭᠦᠦ ᠬᠥᠳᠡᠯᠭᠡᠭᠡᠨ ᠬᠢᠵᠦ ᠪᠤᠯᠬᠤ ᠦᠭᠡᠢ᠃ ᠵᠣᠬᠢᠰᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠪᠡᠯ ᠪᠣᠯᠴᠢᠬᠠᠨ᠎ᠠ᠃ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠷᠠᠭ᠎ᠠ ᠤᠰᠤ ᠨᠥᠬᠦᠪᠦᠷᠢᠯᠡᠬᠦ ᠶᠢ ᠠᠩᠬᠠᠷᠬᠤ ᠬᠡᠷᠡᠭᠲᠡᠢ᠃ ᠲᠠᠮᠢᠷ ᠤᠨ ᠬᠥᠳᠡᠯᠭᠡᠭᠡᠨ ᠬᠢᠭᠰᠡᠨ ᠤ ᠳᠠᠷᠠᠭ᠎ᠠ᠂ ᠪᠤᠴᠠᠯᠤᠭᠰᠠᠨ ᠤᠰᠤ ᠢᠯᠡᠭᠦᠬᠡᠨ ᠤᠤᠭᠤᠬᠤ ᠬᠡᠷᠡᠭᠲᠡᠢ᠂ ᠨᠢᠰᠢᠩᠭᠦ᠂ ᠠᠯᠢᠮ᠎ᠠ᠂ ᠠᠯᠮᠤᠷᠠᠳ᠂ ᠰᠦ᠂ ᠮᠠᠭᠠᠵᠢ᠂ ᠰᠢᠨ᠎ᠡ ᠰᠣᠷᠭᠤᠭ ᠢᠳᠡᠰᠢᠨ ᠨᠣᠭᠤᠭ᠎ᠠ ᠵᠡᠷᠭᠡ ᠶᠢ ᠢᠯᠡᠭᠦᠬᠡᠨ ᠢᠳᠡᠵᠦ᠂ ᠠᠮᠢᠰᠬᠤᠯ ᠤᠨ ᠵᠠᠮ ᠤᠨ ᠰᠠᠯᠢᠰᠤᠲᠤ ᠪᠦᠷᠬᠦᠪᠴᠢ ᠶᠢᠨ ᠬᠡᠪ ᠤᠨ ᠱᠦᠭᠦᠷᠡᠯ ᠢ ᠪᠠᠲᠤᠯᠠᠵᠤ᠂ ᠬᠤᠭᠤᠯᠠᠢ ᠬᠠᠪᠤᠳᠵᠦ ᠡᠪᠡᠳᠬᠦ ᠶᠢ ᠰᠡᠷᠭᠡᠶᠢᠯᠡᠨ᠎ᠡ᠃ ᠭᠡᠳᠦ ᠬᠥᠯᠥᠰᠦ ᠭᠠᠷᠤᠭᠰᠠᠨ ᠪᠣᠯ ᠪᠤᠴᠠᠯᠤᠭᠰᠠᠨ ᠤᠰᠤᠨ ᠳᠤ ᠪᠠᠨ ᠪᠠᠭ᠎ᠠ ᠬᠡᠮᠵᠢᠶᠡᠨ ᠤ ᠳᠠᠪᠤᠰᠤ ᠨᠡᠮᠡᠵᠦ ᠤᠤᠭᠤᠵᠤ ᠪᠣᠯᠣᠨ᠎ᠠ᠃ ᠤᠰᠤ ᠤᠤᠭᠤᠬᠤ ᠳᠤ ᠪᠠᠨ ᠪᠠᠭ᠎ᠠ ᠬᠡᠮᠵᠢᠶ᠎ᠡ ᠪᠠᠷ ᠤᠯᠠᠨ ᠤᠳᠠᠭ᠎ᠠ ᠤᠳᠠᠭᠠᠨ ᠤᠤᠭᠤᠬᠤ ᠶᠢ ᠪᠠᠷᠢᠮᠲᠠᠯᠠᠨ᠎ᠠ᠃      ᠪᠡᠶ᠎ᠡ ᠶᠢᠨ ᠲᠠᠮᠢᠷ ᠤᠨ ᠬᠥᠳᠡᠯᠭᠡᠭᠡᠨ ᠨᠢᠭᠡᠨᠲᠡ ᠠᠷᠠᠳ ᠢᠷᠭᠡᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠬᠠᠮᠤᠭ ᠤᠨ ᠢᠳᠡᠪᠬᠢᠲᠡᠢ᠂ ᠬᠠᠮᠤᠭ ᠤᠨ ᠪᠦᠲᠦᠮᠵᠢᠲᠠᠢ ᠠᠷᠭ᠎ᠠ ᠭᠡᠯᠪᠡᠷᠢ ᠪᠣᠯᠤᠭᠰᠠᠨ ᠪᠠᠶᠢᠨ᠎ᠠ᠃ ᠤᠯᠤᠰ ᠣᠷᠣᠨ ᠤ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠳᠠᠭᠠᠯᠳᠤᠨ᠂ ᠪᠦᠭᠦ ᠠᠷᠠᠳ ᠤᠨ ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠣᠷᠴᠢᠨ ᠨᠥᠬᠦᠴᠡᠯ ᠤᠯᠠᠮ ᠢᠶᠠᠷ ᠰᠠᠶᠢᠵᠢᠷᠠᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠲᠠᠶᠢᠴᠢᠯᠠᠨ ᠡᠷᠡᠭᠦᠯ ᠡᠩᠬᠡ ᠲᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号