ᠰᠠᠶᠢᠬᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠳᠤ ᠶᠠᠪᠣᠭᠳᠠᠪᠠ
ᠨᠡᠶᠢᠲᠡᠯᠡᠭᠰᠡᠨ ᠴᠠᠭ᠄
2024/10/16
       ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠪᠣᠶᠢᠵᠢᠭᠤᠯᠤᠨ ᠦᠢᠯᠡᠳᠦᠯᠭᠡᠵᠢᠭᠦᠯᠵᠦ᠂ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠪᠥᠬᠦ ᠠᠷᠠᠳ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠶᠢ ᠰᠠᠬᠢᠬᠤ᠂ ᠦᠨᠡᠨᠴᠢ ᠢᠲᠡᠭᠡᠮᠵᠢᠲᠡᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢᠨ ᠲᠥᠯᠥᠭᠡ᠂ 10 ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠰᠠᠶᠢᠬᠠᠨ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠳᠠᠭᠠᠭᠠᠴᠢᠯᠠᠨ ᠡᠷᠭᠢᠯᠡᠭᠰᠡᠨ ᠰᠠᠶᠢᠬᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠳᠤ ᠬᠦᠷᠴᠦ᠂ ᠮᠠᠰᠢ ᠣᠯᠠᠨ ᠵᠡᠭᠡᠯᠢ ᠭᠤᠳᠤᠮᠵᠢ ᠬᠢᠭᠡᠳ ᠨᠡᠶᠢᠭᠡᠮ ᠲᠣᠭᠤᠷᠢᠭ ᠤᠨ ᠺᠠᠳ᠋ᠷ ᠣᠯᠠᠨ ᠲᠦᠮᠡᠨ ᠤ ᠠᠩᠬᠠᠷᠤᠯ ᠢ ᠲᠠᠲᠠᠭᠰᠠᠨ ᠪᠠᠶᠢᠨ᠎ᠠ᠃            ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠥᠬᠦ ᠤᠯᠤᠰ ᠤᠨ ᠬᠠᠮᠤᠭ ᠤᠨ ᠭᠤᠶᠣ ᠰᠠᠶᠢᠨ ᠳᠤᠷ᠎ᠠ ᠶᠢᠨ ᠦᠢᠯᠡᠴᠢᠯᠡᠭᠴᠢ᠂ ᠬᠥᠬᠡᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠬᠤ ᠠᠩᠭᠢ ᠶᠢᠨ ᠳᠠᠷᠤᠭ᠎ᠠ ᠯᠢᠦ ᠢᠦᠢ ᠮᠢᠨ ᠪᠣᠯᠣᠨ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠺᠠᠳ᠋ᠷ᠂ ᠬᠤᠲᠠ ᠶᠢᠨ ᠶᠢᠨ ᠾᠧ ᠪᠠᠯᠭᠠᠰᠤᠨ ᠤ ᠱᠦ ᠭᠤᠸᠠᠩ ᠲᠣᠰᠬᠤᠨ  ᠤ ᠨᠢᠭᠡᠳᠦᠭᠡᠷ ᠱᠦᠵᠢ ᠯᠢ ᠬᠠᠢ ᠷᠦᠢ ᠶᠢ ᠤᠷᠢᠵᠤ ᠶᠠᠷᠢᠶᠠᠨ ᠤ ᠬᠦᠨᠳᠦᠲᠦ ᠵᠣᠴᠢᠨ ᠢᠶᠠᠨ ᠪᠣᠯᠭᠠᠪᠠ᠃            ᠤᠬᠠᠭᠤᠯᠤᠨ ᠲᠠᠶᠢᠯᠪᠤᠷᠢᠯᠠᠬᠤ ᠳᠤᠮᠳᠠ᠂ ᠭᠡᠷ ᠤᠨ ᠰᠤᠷᠲᠠᠯ ᠤᠨ ᠤᠯᠠᠮᠵᠢᠯᠠᠯ ᠨᠢ ᠨᠢᠭᠡ ᠶᠡᠭᠡ ᠭᠢᠯᠠᠰ ᠴᠡᠭ ᠪᠣᠯᠪᠠ᠃ ᠤᠬᠠᠭᠤᠯᠤᠨ ᠲᠠᠶᠢᠯᠪᠤᠷᠢᠯᠠᠭᠴᠢ ᠦᠨᠡᠨᠴᠢ ᠢᠲᠡᠭᠡᠮᠵᠢ ᠶᠢᠨ ᠦᠯᠢᠭᠡᠷ ᠢ ᠶᠠᠷᠢᠬᠤ ᠪᠠᠷ ᠳᠠᠮᠵᠢᠭᠤᠯᠵᠤ᠂ ᠦᠨᠡᠨᠴᠢ ᠢᠲᠡᠭᠡᠮᠵᠢ ᠶᠢᠨ ᠴᠢᠬᠤᠯᠠ ᠴᠢᠨᠠᠷ᠂ ᠦᠨ᠎ᠡ ᠦᠷᠳᠡᠭ ᠵᠢᠴᠢ ᠬᠤᠪᠢ ᠬᠥᠮᠥᠨ᠂ ᠭᠡᠷ ᠪᠦᠯᠢ ᠪᠣᠯᠣᠨ ᠨᠡᠶᠢᠭᠡᠮ ᠤᠨ ᠬᠥᠭᠵᠢᠯᠲᠡ ᠯᠦᠭᠡ ᠶᠢᠨ ᠨᠢᠭᠲᠠ ᠬᠠᠷᠢᠯᠴᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠪᠡ᠃ ᠨᠢᠭᠤᠷᠳᠠᠨ ᠶᠠᠷᠢᠯᠴᠠᠬᠤ ᠪᠠᠷ ᠳᠠᠮᠵᠢᠭᠤᠯᠤᠨ᠂ ᠲᠤᠬᠠᠢ ᠶᠢᠨ ᠲᠠᠯᠠᠪᠤᠷ ᠲᠤ ᠪᠠᠶᠢᠭ᠎ᠠ ᠺᠠᠳ᠋ᠷ ᠣᠯᠠᠨ ᠲᠦᠮᠡᠨ ᠲᠠᠢ ᠬᠠᠮᠲᠤ ᠦᠨᠡᠨᠴᠢ ᠢᠲᠡᠭᠡᠮᠵᠢ ᠶᠢᠨ ᠠᠭᠤᠯᠤᠭᠳᠠᠬᠤᠨ ᠢ ᠰᠤᠳᠤᠯᠤᠨ ᠶᠠᠷᠢᠯᠴᠠᠵᠤ᠂ ᠡᠳᠦᠷ ᠲᠤᠲᠤᠮ ᠤᠨ ᠠᠮᠢᠳᠤᠷᠠᠯ ᠪᠠ ᠠᠵᠢᠯ ᠤᠨ ᠳᠤᠮᠳᠠᠬᠢ ᠦᠨᠡᠨᠴᠢ ᠢᠲᠡᠭᠡᠮᠵᠢ ᠶᠢᠨ ᠵᠠᠩᠭᠢᠯᠠᠭ᠎ᠠ ᠶᠢᠨ ᠦᠢᠯᠡᠳᠦᠯ ᠵᠢᠴᠢ ᠢᠲᠡᠭᠡᠯ ᠠᠯᠳᠠᠭᠰᠠᠨ ᠬᠦᠨᠳᠦ ᠨᠣᠴᠢᠲᠠᠢ ᠦᠷ᠎ᠡ ᠳ᠋ᠦᠩ ᠢ ᠴᠢᠬᠤᠯᠠᠴᠢᠯᠠᠨ᠎ᠠ᠃ ᠠᠵᠢᠯᠯᠠᠭ᠎ᠠ ᠶᠢᠨ ᠲᠡᠭᠦᠰᠬᠡᠯ ᠳᠤ᠂ ᠤᠬᠠᠭᠤᠯᠤᠨ ᠲᠠᠶᠢᠯᠪᠤᠷᠢᠯᠠᠭᠴᠢ ᠪᠠᠭ᠎ᠠ ᠶᠠᠪᠤᠳᠠᠯ ᠠᠴᠠ ᠡᠬᠢᠯᠡᠨ᠂ ᠠᠮᠢᠳᠤᠷᠠᠯ ᠪᠠ ᠰᠤᠷᠤᠯᠴᠠᠯᠭ᠎ᠠ ᠶᠢᠨ ᠳᠤᠮᠳᠠ ᠦᠨᠡᠨᠴᠢ ᠢᠲᠡᠭᠡᠮᠵᠢ ᠶᠢᠨ ᠬᠡᠪ ᠴᠢᠨᠠᠷ ᠢ ᠤᠬᠠᠮᠰᠠᠷ ᠠᠴᠠ ᠪᠠᠨ ᠬᠥᠮᠥᠵᠢᠭᠦᠯᠵᠦ᠂ ᠰᠢᠨ᠎ᠡ ᠴᠠᠭ ᠦᠶ᠎ᠡ ᠶᠢᠨ ᠦᠨᠡᠨᠴᠢ ᠢᠲᠡᠭᠡᠮᠵᠢ ᠶᠢᠨ ᠤᠯᠠᠮᠵᠢᠯᠠᠭᠴᠢ ᠪᠣᠯᠵᠤ᠂ ᠬᠥᠮᠥᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠬᠠᠮᠲᠤᠪᠠᠷ ᠪᠣᠶ ᠪᠣᠯᠭᠠᠬᠤ ᠶᠢ ᠤᠷᠢᠶᠠᠯᠠᠪᠠ᠃
     ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠬᠥᠮᠥᠰ ᠤᠨ ᠦᠨᠡᠨᠴᠢ ᠢᠲᠡᠭᠡᠮᠵᠢ ᠶᠢᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠦᠭᠡᠢ᠂  ᠭᠡᠷ ᠤᠨ ᠰᠤᠷᠲᠠᠯ ᠤᠨ ᠤᠯᠠᠮᠵᠢᠯᠠᠯ ᠤᠨ ᠰᠢᠨ᠎ᠡ ᠲᠠᠨᠢᠯᠲᠠ ᠶᠢ ᠠᠬᠢᠭᠤᠯᠵᠤ᠂ ᠨᠡᠶᠢᠭᠡᠮ ᠳᠤ ᠭᠦᠨ ᠵᠤᠵᠠᠭᠠᠨ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠣᠶ ᠪᠣᠯᠭᠠᠵᠤ ᠥᠭᠴᠡᠢ᠃ ᠶᠣᠰᠣ ᠰᠤᠷᠲᠠᠬᠤᠨ ᠤ ᠵᠢᠱᠢᠶᠡᠴᠢ ᠶᠢᠨ ᠳᠠᠭᠠᠭᠤᠯᠭ᠎ᠠ ᠳᠣᠣᠷ᠎ᠠ᠂ ᠨᠡᠩ ᠤᠯᠠᠨ ᠬᠥᠮᠥᠨ ᠦᠨᠡᠨᠴᠢ ᠢᠲᠡᠭᠡᠮᠵᠢ ᠪᠠᠷ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠵᠤ᠂ ᠦᠨᠡᠨᠴᠢ ᠢᠲᠡᠭᠡᠮᠵᠢ ᠶᠢᠨ ᠴᠡᠴᠡᠭ ᠢ ᠨᠡᠶᠢᠭᠡᠮ ᠤᠨ ᠥᠨᠴᠥᠭ ᠪᠤᠯᠤᠩ ᠪᠣᠯᠭᠠᠨ ᠳᠤ ᠳᠡᠯᠭᠡᠷᠡᠭᠦᠯᠵᠦ᠂ ᠰᠠᠶᠢᠬᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠪᠠᠲᠤ ᠪᠠᠬᠢ ᠶᠣᠰᠣ ᠰᠤᠷᠲᠠᠬᠤᠨ ᠤ ᠰᠠᠭᠤᠷᠢ ᠶᠢ ᠬᠠᠩᠭᠠᠵᠤ ᠥᠭᠬᠦ ᠶᠢ ᠢᠲᠡᠭᠡᠵᠦ ᠪᠠᠶᠢᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号