ᠬᠥᠬᠡᠬᠤᠲᠠ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠬᠦᠴᠦᠯᠡᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/16
      ︵ᠰᠤᠷᠪᠤᠯᠵᠢᠯᠠᠭᠴᠢ ᠶᠦᠨ ᠶᠠᠨ ᠹᠠᠩ︶  ᠣᠶᠢᠷ᠎ᠠ ᠶᠢᠨ ᠵᠢᠯ ᠠᠴᠠ ᠨᠠᠭᠠᠰᠢ᠂ ᠬᠥᠬᠡᠬᠤᠲᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠵᠤ ᠦᠢᠯᠡᠰ ᠤᠨ ᠳᠠᠪᠠᠭᠤᠯᠢᠭ᠂ ᠰᠢᠨ᠎ᠡ ᠶᠢ ᠡᠭᠦᠳᠬᠦ ᠳᠠᠪᠠᠭᠤᠯᠢᠭ᠂ ᠠᠭᠤᠷ ᠠᠮᠢᠰᠬᠤᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠪᠣᠶᠢᠵᠢᠭᠤᠯᠬᠤ ᠪᠠᠷ ᠭᠤᠣᠯ ᠭᠠᠷᠳᠠᠴᠠ ᠪᠣᠯᠭᠠᠵᠤ᠂ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ  ᠪᠠᠶᠢᠭᠤᠯᠬᠤ ᠳᠤ ᠣᠷᠣᠨ ᠤ ᠲᠥᠪ ᠬᠤᠲᠠ ᠶᠢᠨ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠭᠰᠡᠨ ᠪᠠᠶᠢᠨ᠎ᠠ᠃            ᠲᠠᠷᠢᠶᠠᠯᠠᠩ ᠮᠠᠯ  ᠠᠵᠤ  ᠠᠬᠤᠢ ᠶᠢᠨ ᠰᠠᠭᠤᠷᠢ ᠪᠡᠯᠡᠳᠬᠡᠮᠵᠢ  ᠶᠢᠨ ᠪᠠᠶᠢᠭᠤᠯᠤᠯᠲᠠ ᠶᠢ ᠲᠦᠷᠭᠡᠳᠬᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 20.3 ᠲᠦᠮᠡᠨ ᠮᠦ ᠪᠦᠲᠦᠭᠡᠨ ᠪᠠᠶᠢᠭᠤᠯᠵᠤ᠂ ᠶᠡᠷᠦᠩᠬᠡᠢ ᠬᠡᠮᠵᠢᠶ᠎ᠡ ᠶᠢᠨ 82% ᠢ ᠪᠡᠶᠡᠯᠡᠭᠦᠯᠵᠡᠢ᠃ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ ᠳᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ 50 ᠲᠦᠮᠡᠨ ᠮᠦ ᠨᠥᠭᠡᠴᠡᠯᠡᠵᠦ᠂ 7.2 ᠲᠦᠮᠡᠨ ᠮᠦ ᠶᠢ ᠪᠡᠶᠡᠯᠡᠭᠦᠯᠪᠡ᠃ ᠲᠦᠮᠡᠳ ᠵᠡᠭᠦᠨ ᠬᠤᠰᠢᠭᠤᠨ ᠤ ᠠᠯᠳᠠᠨ᠂ ᠴᠢᠩ ᠱᠦᠢ ᠾᠧ ᠰᠢᠶᠠᠨ ᠤ ᠵᠥᠩ ᠴᠢᠩ᠂ ᠰᠠᠶᠢᠬᠠᠨ ᠲᠣᠭᠤᠷᠢᠭ ᠤᠨ ᠵᠢᠶᠠ ᠱᠢ ᠵᠡᠷᠭᠡ ᠪᠡᠯᠡᠳᠬᠡᠮᠵᠢᠲᠦ ᠲᠠᠷᠢᠶᠠᠯᠠᠩ 9796 ᠮᠦ ᠶᠢ ᠰᠢᠨ᠎ᠡ ᠪᠠᠷ ᠪᠠᠶᠢᠭᠤᠯᠵᠤ᠂ 2296 ᠮᠦ ᠶᠢ ᠥᠭᠡᠷᠡᠴᠢᠯᠡᠨ ᠳᠡᠭᠡᠭᠰᠢᠯᠡᠭᠦᠯᠵᠦ᠂ 8363 ᠮᠦ ᠵᠠᠳᠠᠭᠠᠢ ᠢᠳᠡᠰᠢᠨ ᠨᠣᠭᠤᠭ᠎ᠠ ᠶᠢᠨ ᠭᠠᠵᠠᠷ ᠢ ᠰᠢᠨ᠎ᠡ ᠪᠠᠷ ᠪᠠᠶᠢᠭᠤᠯᠪᠠ᠃ 3000 ᠲᠣᠯᠣᠭᠠᠢ ᠠᠴᠠ ᠳᠡᠭᠡᠭᠰᠢ ᠬᠡᠪᠴᠢᠶ᠎ᠡ ᠲᠠᠢ ᠢᠳᠡᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠶ ᠶᠢ 6 ᠪᠠᠶᠢᠭᠤᠯᠵᠤ᠂ ᠲᠥᠯᠥᠪᠯᠡᠭᠰᠡᠨ ᠬᠡᠮᠵᠢᠶ᠎ᠡ ᠨᠢ 23 ᠲᠦᠮᠡᠨ ᠲᠣᠯᠣᠭᠠᠢ ᠪᠣᠯᠣᠨ᠎ᠠ᠃            ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ ᠪᠥᠬᠦ ᠬᠤᠲᠠ ᠶᠢᠨ ᠰᠠᠭᠠᠯᠢ ᠶᠢᠨ ᠦᠨᠢᠶ᠎ᠡ ᠶᠢᠨ ᠲᠤᠭ᠎ᠠ 39 ᠲᠦᠮᠡ᠂ ᠢᠳᠡᠰᠢᠨ ᠬᠤᠨᠢᠨ ᠤ ᠲᠤᠭ᠎ᠠ 300 ᠲᠦᠮᠡ ᠶᠢ ᠳᠠᠪᠠᠵᠤ᠂ ᠠᠮᠢᠳᠤ ᠭᠠᠭ᠋ᠠᠢ 50 ᠲᠦᠮᠡ᠂ ᠪᠣᠷᠳᠣᠨ ᠲᠠᠷᠭᠤᠯᠠᠭᠤᠯᠤᠭᠰᠠᠨ ᠦᠬᠡᠷ 2.1 ᠲᠦᠮᠡ ᠭᠠᠷᠭᠠᠵᠤ᠂ ᠮᠢᠬᠠᠨ ᠤ ᠲᠦᠷᠦᠯ ᠤᠨ ᠭᠠᠷᠤᠯᠲᠠ 9 ᠲᠦᠮᠡᠨ ᠲᠣᠨ ᠳᠤ ᠬᠦᠷᠪᠡ᠃ ᠬᠥᠬᠡ ᠳᠠᠷᠤᠰᠢ ᠶᠢᠨ ᠡᠷᠳᠡᠨᠢ ᠰᠢᠰᠢ 122.6 ᠲᠦᠮᠡᠨ ᠮᠦ᠂ ᠴᠠᠷᠭᠠᠰᠤ 20.3 ᠲᠦᠮᠡᠨ ᠮᠦ᠂ ᠨᠣᠬᠠᠢ ᠶᠢᠨ ᠬᠤᠰᠢᠭᠤ 18.1 ᠲᠦᠮᠡᠨ ᠮᠦ ᠳᠠᠷᠢᠬᠤ ᠶᠢ ᠪᠡᠶᠡᠯᠡᠭᠦᠯᠪᠡ᠃            ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠲᠠᠰᠤᠷᠠᠯᠲᠠ ᠦᠭᠡᠢ ᠴᠢᠩᠭᠠᠷᠠᠪᠠ᠃ ᠴᠡᠯᠡᠭᠡᠷ ᠲᠠᠯ᠎ᠠ ᠣᠯᠠᠨ ᠤᠯᠤᠰ ᠤᠨ ᠡᠪᠡᠰᠦᠨ ᠤ ᠦᠢᠯᠡᠰ ᠤᠨ ᠶᠡᠭᠡ ᠬᠤᠷᠠᠯ᠂ ᠴᠡᠯᠡᠭᠡᠷ ᠲᠠᠯ᠎ᠠ ᠣᠯᠠᠨ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠶᠡᠭᠡ ᠬᠤᠷᠠᠯ ᠢ ᠠᠮᠵᠢᠯᠲᠠ ᠲᠠᠢ ᠡᠷᠬᠢᠯᠡᠵᠦ᠂ ᠤᠯᠤᠰ ᠤᠨ ᠠᠮᠢᠳᠤ ᠭᠠᠭ᠋ᠠᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠳᠠᠬᠢ ᠬᠤᠪᠢᠶᠠᠷᠢ ᠲᠥᠪ ᠮᠠᠨ ᠤ ᠬᠤᠲᠠ ᠳᠤ ᠫᠠᠶᠢᠰᠠ ᠰᠡᠬᠦᠪᠡ᠃ ᠤᠯᠤᠰ ᠤᠨ ᠲᠠᠰ ᠤᠨ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠶᠢ 2 ᠰᠢᠨ᠎ᠡ ᠪᠠᠷ ᠡᠭᠦᠳᠦᠨ ᠪᠠᠶᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 16 ᠡᠭᠦᠳᠦᠨ ᠪᠠᠶᠢᠭᠤᠯᠪᠠ᠃ ᠤᠯᠠᠨ ᠵᠦᠢᠯ ᠤᠨ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠵᠦ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠪᠠ᠃            ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠤᠯᠠᠮ ᠨᠢᠭᠡ ᠠᠯᠬᠤᠮ ᠬᠥᠭᠵᠢᠪᠡ᠃ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠲᠠᠷᠢᠶᠠᠴᠢᠳ ᠢ ᠬᠥᠲᠥᠯᠥᠨ ᠵᠢᠯᠤᠭᠤᠳᠴᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠥᠯᠥᠰᠦᠨ ᠠᠵᠢᠯᠴᠢᠨ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠤᠨ ᠴᠠᠯᠢᠩ ᠢ 2300 ᠲᠦᠮᠡᠨ ᠲᠥᠭᠦᠷᠢᠭ ᠣᠯᠭᠤᠪᠠ᠃ ᠡᠯ᠎ᠡ ᠲᠦᠷᠦᠯ ᠤᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 67 ᠰᠢᠨ᠎ᠡ ᠪᠠᠷ ᠨᠡᠮᠡᠭᠳᠡᠭᠦᠯᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 182 ᠲᠦᠮᠡᠨ ᠮᠦ ᠪᠡᠶᠡᠯᠡᠭᠦᠯᠪᠡ᠃            ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠪᠦᠲᠦᠮᠵᠢᠲᠡᠢ ᠴᠢᠩᠭᠠᠳᠬᠠᠪᠠ᠃ ᠲᠠᠷᠢᠶᠠᠯᠠᠩ ᠤᠨ ᠤᠰᠤ ᠠᠷᠪᠢᠯᠠᠬᠤ ᠶᠢ ᠢᠳᠡᠪᠬᠢᠲᠡᠢ ᠠᠬᠢᠭᠤᠯᠵᠤ᠂ ᠪᠠᠷᠢᠯᠭ᠎ᠠ ᠶᠢᠨ ᠤᠰᠤ ᠠᠷᠪᠢᠯᠠᠬᠤ ᠶᠢ 9.6 ᠲᠦᠮᠡᠨ ᠮᠦ᠂ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠶᠢ ᠳᠡᠯᠭᠡᠷᠡᠭᠦᠯᠬᠦ ᠲᠠᠯᠠᠪᠠᠢ ᠶᠢ 5 ᠲᠦᠮᠡᠨ ᠮᠦ᠂ ᠭᠠᠩ ᠬᠠᠭᠰᠠᠷᠠᠭᠠᠨ ᠲᠠᠢ ᠲᠡᠮᠡᠴᠡᠬᠦ ᠲᠥᠷᠥᠯ ᠵᠦᠢᠯ ᠤᠨ ᠬᠡᠷᠡᠭᠯᠡᠯᠲᠡ ᠶᠢ 5 ᠲᠦᠮᠡᠨ ᠮᠦ᠂ ᠪᠦᠲᠦᠴᠡ ᠶᠢᠨ ᠤᠰᠤ ᠠᠷᠪᠢᠯᠠᠬᠤ ᠶᠢ ᠳᠡᠯᠭᠡᠷᠡᠭᠦᠯᠬᠦ ᠲᠠᠯᠠᠪᠠᠢ ᠶᠢ 1 ᠲᠦᠮᠡᠨ ᠮᠦ᠂ ᠲᠣᠭᠲᠠᠴᠠ ᠶᠢᠨ ᠤᠰᠤ ᠠᠷᠪᠢᠯᠠᠬᠤ ᠶᠢ ᠳᠡᠯᠭᠡᠷᠡᠭᠦᠯᠬᠦ ᠲᠠᠯᠠᠪᠠᠢ ᠶᠢ 25 ᠲᠦᠮᠡᠨ ᠮᠦ ᠪᠡᠶᠡᠯᠡᠭᠦᠯᠪᠡ᠃ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠨ ᠵᠠᠰᠠᠬᠤ ᠲᠠᠯᠠᠪᠠᠢ ᠶᠢ 306.02 ᠲᠦᠮᠡᠨ ᠮᠦ᠂ ᠲᠠᠷᠢᠶᠠᠨ ᠡᠮ ᠤᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠠᠯᠠᠪᠠᠢ ᠶᠢ 317.7 ᠲᠦᠮᠡᠨ ᠮᠦ ᠪᠡᠶᠡᠯᠡᠭᠦᠯᠵᠦ᠂ ᠬᠥᠷᠥᠰᠥ ᠰᠢᠷᠣᠢ ᠶᠢ ᠬᠡᠮᠵᠢᠨ ᠪᠣᠷᠳᠣᠭᠤᠷ ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠤᠷᠮ᠎ᠠ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ  ᠴᠥᠮ 90% ᠶᠢ ᠳᠠᠪᠠᠭᠰᠠᠨ ᠪᠠᠶᠢᠨ᠎ᠠ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号