ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠤᠳᠠᠯ ᠦᠭᠡᠢ ᠡᠬᠢᠯᠡᠨ᠎ᠡ︕
ᠨᠡᠶᠢᠲᠡᠯᠡᠭᠰᠡᠨ ᠴᠠᠭ᠄
2024/10/16
     ᠥᠩᠭᠡᠷᠡᠭᠰᠡᠨ ᠵᠢᠯ ᠤᠳ ᠤᠨ ᠵᠤᠷᠰᠢᠯ ᠢᠶᠠᠷ᠂ ᠪᠦᠭᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ 10 ᠰᠠᠷ᠎ᠠ ᠶᠢᠨ ᠳᠤᠮᠳᠠᠴᠢ ᠠᠴᠠ 11 ᠰᠠᠷ᠎ᠠ ᠶᠢᠨ ᠬᠤᠭᠤᠷᠣᠨᠳᠤ ᠶᠠᠪᠤᠭᠳᠠᠨ᠎ᠠ᠃ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠤᠯᠴᠠᠬᠤ ᠰᠢᠯᠭᠠᠭᠤᠯᠤᠭᠴᠢ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ᠂ ᠮᠡᠳᠡᠭᠡ ᠵᠠᠩᠭᠢ ᠴᠤᠭᠯᠠᠭᠤᠯᠬᠤ᠂ ᠡᠯᠧᠺᠲᠷᠣᠨ ᠲᠠᠩᠰᠠ ᠡᠪᠬᠡᠮᠡᠯ ᠪᠠᠶᠢᠭᠤᠯᠬᠤ᠂ ᠰᠢᠯᠭᠠᠭᠤᠯᠤᠭᠴᠢ ᠶᠢᠨ ᠳ᠋ᠤᠭᠠᠷ ᠢ ᠪᠠᠶᠢᠭᠤᠯᠬᠤ ᠵᠡᠷᠭᠡ ᠠᠵᠢᠯ ᠢ ᠪᠡᠶᠡᠯᠡᠭᠦᠯᠦᠨ᠎ᠡ ᠁ ᠳᠡᠭᠡᠪᠡᠯ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠰᠢᠯᠭᠠᠭᠤᠯᠤᠭᠴᠢ ᠶᠠᠭᠤ ᠶᠠᠭᠤ ᠶᠢ ᠠᠩᠬᠠᠷᠬᠤ ᠴᠢᠬᠤᠯᠠᠲᠠᠢ ᠪᠤᠶ︖ ᠣᠳᠣᠬᠠᠨ ᠳᠤ ᠣᠯᠠᠨ ᠮᠤᠵᠢ ᠣᠷᠣᠨ 2025 ᠣᠨ ᠤ ᠪᠦᠭᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠨᠡᠷ᠎ᠡ ᠮᠡᠳᠡᠭᠦᠯᠬᠦ ᠲᠣᠬᠢᠷᠠᠭᠤᠯᠤᠯᠲᠠ ᠶᠢ ᠨᠡᠶᠢᠲᠡᠯᠡᠪᠡ᠃      ᠱᠠᠩᠬᠠᠢ      ᠱᠠᠩᠬᠠᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠮᠡᠳᠡᠭᠡ ᠵᠠᠩᠭᠢ ᠴᠤᠭᠯᠠᠭᠤᠯᠬᠤ ᠴᠠᠭ ᠨᠢ 10 ᠰᠠᠷ᠎ᠠ ᠶᠢᠨ 14 -17 ᠤ ᠡᠳᠦᠷ ︵ᠡᠳᠦᠷ ᠪᠦᠷᠢ ᠶᠢᠨ 8᠄ 00 - 21᠄ 00 )᠂ 10 ᠰᠠᠷ᠎ᠠ ᠶᠢᠨ 18 ᠤ ᠡᠳᠦᠷ ( 8᠄ 00 -16᠄ 00 )᠃      ᠬᠤᠨᠠᠨ      ᠬᠤᠨᠠᠨ ᠳᠤ 10 ᠰᠠᠷ᠎ᠠ ᠶᠢᠨ 16 ᠠᠴᠠ 31 ᠤ ᠡᠳᠦᠷ ᠪᠤᠯᠲᠠᠯ᠎ᠠ ( ᠬᠤᠣᠰ ᠠᠮᠠᠷᠠᠯᠲᠠ ᠶᠢᠨ ᠡᠳᠦᠷ ᠪᠠᠭᠲᠠᠬᠤ ᠦᠭᠡᠢ ) ᠨᠡᠷ᠎ᠡ ᠮᠡᠳᠡᠭᠦᠯᠦᠨ᠎ᠡ᠃      ᠠᠨᠾᠦ᠋ᠢ      ᠠᠨᠾᠦ᠋ᠢ ᠶᠢᠨ 2025 ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ ᠪᠣᠯ 2024 ᠣᠨ ᠤ 10 ᠰᠠᠷ᠎ᠠ ᠶᠢᠨ 18 ᠤ ᠡᠳᠦᠷ ᠤᠨ 10᠄ 00 ᠠᠴᠠ 10 ᠰᠠᠷ᠎ᠠ ᠶᠢᠨ 22 ᠤᠨ ᠡᠳᠦᠷ ᠤᠨ 17᠄ 00 ᠴᠠᠭ ᠪᠣᠯᠣᠨ᠎ᠠ᠃      ᠹᠦᠵᠢᠶᠠᠨ      ᠹᠦᠵᠢᠶᠠᠨ ᠤ ᠬᠢᠨ 2024 ᠣᠨ ᠤ 10 ᠰᠠᠷ᠎ᠠ ᠶᠢᠨ 23 ᠠᠴᠠ 28 ᠤ ᠡᠳᠦᠷ ᠪᠤᠯᠲᠠᠯ᠎ᠠ ᠰᠦᠯᠵᠢᠶᠡᠨ ᠳᠡᠭᠡᠷ᠎ᠡ ᠲᠠᠩᠰᠠᠨ ᠨᠣᠮᠧᠷ ᠳᠠᠩᠰᠠᠯᠠᠭᠤᠯᠬᠤ᠂ ᠨᠡᠷ᠎ᠡ ᠮᠡᠳᠡᠭᠦᠯᠬᠦ ᠪᠠ ᠰᠦᠢᠳᠬᠡᠯ ᠲᠤᠰᠢᠶᠠᠨ᠎ᠠ᠂ ᠬᠤᠭᠤᠴᠠᠭ᠎ᠠ ᠠᠴᠠ ᠬᠡᠲᠦᠷᠡᠪᠡᠯ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠤᠯᠬᠤ ᠦᠭᠡᠢ᠃      ᠭᠤᠸᠠᠩᠳᠦ᠋ᠩ      ᠭᠤᠸᠠᠩᠳᠦ᠋ᠩ ᠮᠤᠵᠢ ᠶᠢᠨ ᠨᠡᠷ᠎ᠡ ᠮᠡᠳᠡᠭᠦᠯᠬᠦ ᠴᠠᠭ᠄ 2024 ᠣᠨ ᠤ 11 ᠰᠠᠷ᠎ᠠ ᠶᠢᠨ 1 ᠠᠴᠠ 10 ᠤ ᠡᠳᠦᠷ ᠪᠤᠯᠲᠠᠯ᠎ᠠ᠃      ᠰᠢᠨᠵᠢᠶᠠᠩ      2025 ᠣᠨ ᠤ ᠰᠢᠨᠵᠢᠶᠠᠩ ᠤᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 2024 ᠣᠨ ᠤ 11 ᠰᠠᠷ᠎ᠠ ᠶᠢᠨ 25 ᠤ ᠡᠳᠦᠷ ᠠᠴᠠ ᠡᠮᠦᠨ᠎ᠡ ᠳᠠᠭᠤᠰᠴᠤ᠂ ᠤᠷᠠᠯᠢᠭ ᠤᠨ ᠲᠥᠷᠥᠯ ᠤᠨ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 2024 ᠣᠨ ᠤ 11 ᠰᠠᠷ᠎ᠠ ᠶᠢᠨ 10 ᠤ ᠡᠳᠦᠷ ᠠᠴᠠ ᠡᠮᠦᠨ᠎ᠡ ᠳᠠᠭᠤᠰᠤᠨ᠎ᠠ᠃      ᠥᠪᠥᠷ ᠮᠣᠩᠭᠤᠯ      2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ ᠢ 10 ᠰᠠᠷ᠎ᠠ ᠶᠢᠨ 21 ᠤ ᠡᠳᠦᠷ ᠠᠴᠠ 11 ᠰᠠᠷ᠎ᠠ ᠶᠢᠨ 1 ᠤ ᠡᠳᠦᠷ ᠪᠤᠯᠲᠠᠯ᠎ᠠ ᠶᠠᠪᠤᠭᠳᠠᠭᠤᠯᠬᠤ ᠪᠠᠷ ᠪᠠᠶᠢᠨ᠎ᠠ᠃      ᠾᠧᠨᠠᠨ᠂ ᠵᠢᠶᠠᠩᠰᠢ᠂ ᠲᠢᠶᠠᠨᠵᠢᠨ ᠬᠠᠷᠠᠮᠥ᠋ᠷᠡᠨ ᠵᠡᠷᠭᠡ ᠮᠤᠵᠢ ᠬᠤᠲᠠ      ᠾᠧᠨᠠᠨ᠂ ᠵᠢᠶᠠᠩᠰᠢ᠂ ᠲᠢᠶᠠᠨᠵᠢᠨ᠂ ᠬᠠᠷᠠᠮᠥ᠋ᠷᠡᠨ ᠵᠡᠷᠭᠡ ᠮᠤᠵᠢ ᠬᠤᠲᠠ ᠴᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠨᠡᠷ᠎ᠡ ᠮᠡᠳᠡᠭᠦᠯᠬᠦ ᠬᠠᠮᠢᠶ᠎ᠠ ᠪᠦᠬᠦᠢ ᠰᠠᠨᠠᠭᠤᠯᠤᠮᠵᠢ ᠶᠢ ᠨᠡᠶᠢᠲᠡᠯᠡᠵᠦ᠂ 2024 ᠣᠨ ᠤ 10 ᠰᠠᠷ᠎ᠠ ᠶᠢᠨ ᠰᠡᠭᠦᠯᠴᠢ ᠠᠴᠠ 11 ᠰᠠᠷ᠎ᠠ ᠶᠢᠨ ᠡᠬᠢ ᠪᠤᠯᠲᠠᠯ᠎ᠠ 2025 ᠣᠨ ᠤ ᠨᠢᠭᠡᠳᠦᠯᠲᠡᠢ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠢ ᠡᠬᠢᠯᠡᠭᠦᠯᠬᠦ ᠪᠠᠷ ᠪᠠᠶᠢᠨ᠎ᠠ᠃      ᠰᠢᠯᠭᠠᠭᠤᠯᠤᠭᠰᠠᠳ ᠲᠣᠰ ᠮᠤᠵᠢ ᠣᠷᠣᠨ ᠤ ᠪᠠᠨ ᠨᠡᠷ᠎ᠡ ᠮᠡᠳᠡᠭᠦᠯᠬᠦ ᠲᠣᠬᠢᠷᠠᠭᠤᠯᠤᠯᠲᠠ ᠶᠢ ᠠᠩᠬᠠᠷᠴᠤ᠂ ᠳᠣᠣᠷᠠᠬᠢ ᠬᠠᠮᠢᠶ᠎ᠠ ᠪᠦᠬᠦᠢ ᠮᠠᠲ᠋ᠧᠷᠢᠶᠠᠯ ᠢ ᠤᠷᠢᠳᠴᠢᠯᠠᠨ ᠪᠡᠯᠡᠳᠬᠡᠬᠦ ᠬᠡᠷᠡᠭᠲᠡᠢ᠄       ·ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠡᠷᠦᠭᠡ ᠠᠮᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠰᠤᠷᠭᠠᠭᠤᠯᠢ ᠶᠢᠨ ᠬᠠᠷᠢᠶ᠎ᠠ ᠪᠤᠶᠤ ᠰᠤᠷᠤᠯᠭ᠎ᠠ ᠶᠢᠨ ᠨᠠᠮᠲᠠᠷ ᠤᠨ ᠭᠡᠷᠡᠴᠢ ᠮᠠᠲ᠋ᠧᠷᠢᠶᠠᠯ ᠵᠡᠷᠭᠡ ᠪᠣᠯ ᠡᠷᠬᠡᠪᠰᠢ ᠬᠢᠨᠠᠨ ᠰᠢᠯᠭᠠᠬᠤ ᠴᠢᠬᠤᠯᠠ ᠮᠡᠳᠡᠭᠡ ᠵᠠᠩᠭᠢ ᠮᠥᠨ᠂ ᠰᠢᠯᠭᠠᠭᠤᠯᠤᠭᠴᠢ ᠤᠷᠢᠳᠴᠢᠯᠠᠨ ᠬᠠᠷᠭᠤᠭᠤᠯᠵᠤ᠂ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠢ᠃      ·ᠥᠩᠭᠡᠷᠡᠭᠰᠡᠨ ᠬᠤᠭᠤᠴᠠᠭᠠᠨ ᠤ ᠰᠣᠷᠣᠬᠴᠢ᠂ ᠭᠠᠳᠠᠷ ᠮᠤᠵᠢ ᠶᠢᠨ ᠡᠷᠦᠭᠡ ᠠᠮᠠ ᠶᠢᠨ ᠲᠠᠩᠰᠠ ᠲᠠᠢ ᠰᠢᠯᠭᠠᠭᠤᠯᠤᠭᠴᠢ᠂ ᠵᠡᠮᠳᠡᠭ ᠰᠢᠯᠭᠠᠭᠤᠯᠤᠭᠴᠢ᠂ ᠭᠠᠳᠠᠷ ᠮᠤᠵᠢ ᠳᠤ ᠰᠤᠷᠤᠯᠴᠠᠵᠤ ᠪᠠᠶᠢᠭ᠎ᠠ ᠲᠣᠰ ᠮᠤᠵᠢ ᠬᠤᠲᠠ ᠶᠢᠨ ᠡᠷᠦᠭᠡ ᠠᠮᠠ ᠶᠢᠨ ᠲᠠᠩᠰᠠ ᠲᠠᠢ ᠰᠢᠯᠭᠠᠭᠤᠯᠤᠭᠴᠢ ᠴᠥᠮ ᠬᠠᠷᠠᠭᠠᠯᠵᠠᠭᠰᠠᠨ ᠨᠡᠷ᠎ᠡ ᠮᠡᠳᠡᠭᠦᠯᠬᠦ ᠮᠠᠲ᠋ᠧᠷᠢᠶᠠᠯ ᠬᠠᠩᠭᠠᠬᠤ ᠬᠡᠷᠡᠭᠲᠡᠢ᠃ ᠰᠢᠯᠭᠠᠭᠤᠯᠤᠭᠰᠠᠳ ᠲᠤᠰ ᠮᠤᠵᠢ ᠶᠢᠨ ᠱᠠᠭᠠᠷᠳᠠᠯᠭ᠎ᠠ ᠶᠣᠰᠣᠭᠠᠷ ᠤᠷᠢᠳᠴᠢᠯᠠᠨ ᠪᠡᠯᠡᠳᠬᠡᠬᠦ ᠶᠢ ᠰᠠᠨᠠᠭᠤᠯᠵᠤ ᠪᠠᠶᠢᠨ᠎ᠠ᠃      ᠰᠢᠯᠭᠠᠭᠤᠯᠤᠭᠴᠢ ᠠᠩᠬᠠᠷᠬᠤ ᠨᠢ᠄      ·ᠣᠯᠠᠨ ᠮᠤᠵᠢ ᠣᠷᠣᠨ ᠬᠤᠭᠤᠴᠠᠭ᠎ᠠ ᠠᠴᠠ ᠬᠡᠲᠦᠷᠡᠪᠡᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ ᠭᠡᠵᠦ ᠨᠡᠶᠢᠲᠡᠯᠡᠵᠡᠢ᠂ ᠰᠢᠯᠭᠠᠭᠤᠯᠤᠭᠴᠢ ᠡᠷᠬᠡᠪᠰᠢ ᠨᠢᠭᠡᠳᠦᠯᠲᠡᠢ ᠲᠣᠬᠢᠷᠠᠭᠤᠯᠤᠭᠰᠠᠨ ᠴᠠᠭ ᠤᠨ ᠳᠣᠲᠣᠷ᠎ᠠ ᠨᠢᠭᠡᠳᠦᠯᠲᠡᠢ ᠰᠢᠯᠭᠠᠯᠲᠠ ᠶᠢᠨ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠪᠠ ᠨᠤᠲᠠᠯᠠᠵᠤ᠂ ᠨᠡᠷ᠎ᠡ ᠮᠡᠳᠡᠭᠦᠯᠬᠦ ᠰᠦᠢᠳᠬᠡᠯ ᠲᠤᠰᠢᠶᠠᠬᠤ ᠬᠡᠷᠡᠭᠲᠡᠢ᠃      ᠡᠭᠦᠨ ᠠᠴᠠ ᠭᠠᠳᠠᠨ᠎ᠠ᠂ ᠰᠢᠯᠭᠠᠭᠤᠯᠤᠭᠴᠢ ᠨᠡᠷ᠎ᠡ ᠮᠡᠳᠡᠭᠦᠯᠬᠦ ᠲᠥᠷᠥᠯ ᠵᠦᠢᠯ ᠵᠢᠴᠢ ᠣᠨᠴᠠᠭᠠᠶ ᠲᠥᠷᠥᠯ ᠵᠦᠢᠯ ᠤᠨ ᠨᠡᠷ᠎ᠡ ᠮᠡᠳᠡᠭᠦᠯᠬᠦ ᠱᠠᠭᠠᠷᠳᠠᠯᠭ᠎ᠠ ᠶᠢ ᠴᠸ ᠠᠩᠬᠠᠷᠬᠤ ᠴᠢᠬᠤᠯᠠᠲᠠᠢ᠄      ·ᠶᠡᠷᠦ ᠳᠡᠭᠡᠨ ᠡᠯ᠎ᠡ ᠮᠤᠵᠢ ᠶᠢᠨ ᠨᠡᠷ᠎ᠡ ᠮᠡᠳᠡᠭᠦᠯᠬᠦ ᠲᠥᠷᠥᠯ ᠵᠦᠢᠯ ᠳᠤ ᠡᠩ ᠤᠨ ᠲᠥᠷᠥᠯ᠂ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠥᠷᠥᠯ ᠬᠤᠪᠢᠶᠠᠭᠰᠠᠨ ᠰᠢᠯᠭᠠᠯᠲᠠ ᠵᠡᠷᠭᠡ ᠪᠠᠭᠲᠠᠨ᠎ᠠ︔      ·ᠪᠠᠰᠠ ᠵᠠᠷᠢᠮ ᠣᠨᠴᠠᠭᠠᠶ ᠲᠥᠷᠥᠯ ᠭᠡᠯᠪᠡᠷᠢ ᠶᠢᠨ ᠰᠣᠷᠣᠬᠴᠢ ᠡᠯᠰᠡᠬᠦ᠂ ᠵᠢᠱᠢᠶᠡᠯᠡᠪᠡᠯ ᠰᠠᠭᠤᠷᠢ ᠶᠢ ᠪᠠᠬᠢᠵᠢᠭᠦᠯᠬᠦ ᠲᠥᠯᠥᠪᠯᠡᠭᠡ᠂ ᠲᠤᠰᠬᠠᠢ ᠲᠦᠷᠦᠯ ᠤᠨ ᠲᠥᠯᠥᠪᠯᠡᠭᠡ᠂ ᠬᠠᠨᠳᠤᠯᠭ᠎ᠠ ᠲᠠᠢ ᠬᠥᠮᠥᠵᠢᠭᠦᠯᠬᠦ᠂ ᠪᠡᠶ᠎ᠡ ᠤᠨ ᠲᠠᠮᠢᠷ ᠪᠣᠯᠪᠠᠰᠤᠷᠠᠯ᠂ ᠵᠡᠪᠰᠡᠭ ᠤᠨ ᠡᠷᠳᠡᠮ ᠪᠠ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠳᠤ ᠤᠷᠢᠳᠴᠢᠯᠠᠨ ᠲᠤᠰᠠᠭᠠᠷ ᠰᠣᠷᠣᠬᠴᠢ ᠡᠯᠰᠡᠬᠦ ᠵᠡᠷᠭᠡ ᠪᠤᠶ᠃      ·ᠰᠢᠯᠭᠠᠭᠤᠯᠤᠭᠴᠢ ᠨᠡᠷ᠎ᠡ ᠮᠡᠳᠡᠭᠦᠯᠬᠦ ᠳᠡᠭᠡᠨ ᠥᠪᠡᠷ ᠤᠨ ᠨᠡᠷ᠎ᠡ ᠮᠡᠳᠡᠭᠦᠯᠬᠦ ᠲᠥᠷᠥᠯ ᠵᠦᠢᠯ ᠢᠶᠠᠨ ᠠᠩᠬᠠᠷᠴᠤ᠂ ᠬᠠᠮᠢᠶ᠎ᠠ ᠪᠦᠬᠦᠢ ᠲᠣᠭᠲᠠᠭᠠᠯ ᠢ ᠨᠠᠷᠢᠨ ᠬᠢᠨᠠᠮᠠᠭᠠᠢ ᠤᠩᠰᠢᠵᠤ᠂ ᠱᠠᠭᠠᠷᠳᠠᠯᠭ᠎ᠠ ᠶᠣᠰᠣᠭᠠᠷ ᠬᠠᠷᠠᠭᠠᠯᠵᠠᠭᠰᠠᠨ ᠰᠣᠩᠭᠤᠯᠲᠠ ᠶᠢ ᠲᠠᠭᠯᠠᠨ ᠮᠡᠳᠡᠭᠦᠯᠵᠦ᠂ ᠠᠯᠳᠠᠰᠢ ᠭᠠᠷᠬᠤ ᠠᠴᠠ ᠵᠠᠶᠢᠯᠠᠰᠬᠢᠬᠤ ᠬᠡᠷᠡᠭᠲᠡᠢ᠃      ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠳᠤ ᠨᠡᠷ᠎ᠡ ᠮᠡᠳᠡᠭᠦᠯᠬᠦ ᠰᠢᠯᠭᠠᠭᠤᠯᠤᠭᠴᠢ ᠠᠳᠠᠯᠢ ᠴᠠᠭ ᠲᠤ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ᠂ ᠰᠦᠢᠳᠬᠡᠯ ᠲᠤᠰᠢᠶᠠᠬᠤ ᠡᠰᠡᠬᠦ᠂ ᠡᠯ᠎ᠡ ᠲᠥᠷᠥᠯ ᠤᠨ ᠬᠤᠭᠤᠷᠣᠨᠳᠤ ᠬᠠᠪᠰᠤᠷᠭᠠᠨ ᠮᠡᠳᠡᠭᠦᠯᠵᠦ ᠪᠤᠯᠬᠤ ᠡᠰᠡᠬᠦ᠂ ᠪᠣᠳᠠᠲᠠᠢ ᠲᠠᠭᠯᠠᠬᠤ ᠱᠠᠭᠠᠷᠳᠠᠯᠭ᠎ᠠ ᠵᠡᠷᠭᠡ ᠶᠢ ᠠᠩᠬᠠᠷᠬᠤ ᠬᠡᠷᠡᠭᠲᠡᠢ᠃      ·ᠵᠢᠱᠢᠶᠡᠯᠡᠪᠡᠯ᠂ ᠰᠢᠨᠵᠢᠶᠠᠩ ᠤᠨ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠷᠠᠯᠢᠭ ᠤᠨ ᠲᠥᠷᠥᠯ ᠤᠨ ᠲᠤᠰᠬᠠᠢ ᠮᠡᠷᠭᠡᠵᠢᠯ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ᠂ ᠤᠷᠠᠯᠢᠭ ᠤᠨ ᠲᠥᠷᠥᠯ ᠤᠨ ᠶᠡᠭᠡ ᠳᠡᠭᠡᠳᠦ ᠰᠤᠷᠭᠠᠭᠤᠯᠢ ( ᠲᠤᠰᠬᠠᠢ ᠮᠡᠷᠭᠡᠵᠢᠯ ) ᠳᠤ ᠨᠡᠷ᠎ᠡ ᠮᠡᠳᠡᠭᠦᠯᠦᠭᠰᠡᠨ ᠪᠤᠶ ᠪᠦᠬᠦᠢ ᠰᠢᠯᠭᠠᠭᠤᠯᠤᠭᠴᠢ ᠡᠷᠬᠡᠪᠰᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠳᠤ︽ᠤᠷᠠᠯᠢᠭ ᠤᠨ ᠨᠡᠮᠡᠯᠲᠡ ᠰᠢᠯᠭᠠᠯᠲᠠ︾ ᠶᠢ ᠲᠠᠭᠯᠠᠬᠤ ᠶᠢᠨ ᠬᠠᠮᠲᠤ ᠨᠡᠮᠡᠯᠲᠡ ᠰᠢᠯᠭᠠᠯᠲᠠ ᠬᠢᠬᠦ ᠬᠢᠴᠢᠶᠡᠯ ᠲᠥᠷᠥᠯ ᠢ ᠰᠣᠩᠭᠤᠬᠤ ᠬᠡᠷᠡᠭᠲᠡᠢ᠃      ·ᠵᠢᠱᠢᠶᠡᠯᠡᠪᠡᠯ ᠬᠤᠨᠠᠨ ᠮᠤᠵᠢ ᠶᠢᠨ 2025 ᠣᠨ ᠳᠤ ᠨᠡᠷ᠎ᠡ ᠮᠡᠳᠡᠭᠦᠯᠬᠦ ᠤᠷᠠᠯᠢᠭ ᠤᠨ ᠲᠥᠷᠥᠯ ︵ᠠᠵᠢᠯ ᠲᠥᠷᠥᠯ ᠤᠨ ᠰᠢᠰᠲ᠋ᠧᠮ ᠢᠶᠠᠷ ᠰᠣᠷᠣᠬᠴᠢ ᠡᠯᠰᠡᠬᠦ ᠤᠷᠠᠯᠢᠭ ᠤᠨ ᠲᠥᠷᠥᠯ ᠪᠠᠭᠲᠠᠨ᠎ᠠ︶᠂ ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠢ ᠮᠡᠷᠭᠡᠵᠢᠯ ᠤᠨ ᠰᠢᠯᠭᠠᠭᠤᠯᠤᠭᠴᠢ ᠪᠠᠰᠠ ᠡᠷᠬᠡᠪᠰᠢ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠪᠠ ᠰᠦᠢᠳᠬᠡᠯ ᠲᠤᠰᠢᠶᠠᠬᠤ ᠬᠡᠷᠡᠭᠲᠡᠢ᠂ ᠴᠠᠭ ᠨᠢ 2024 ᠣᠨ ᠤ 11 ᠰᠠᠷ᠎ᠠ ᠶᠢᠨ 1 ᠤ ᠡᠳᠦᠷ ᠠᠴᠠ 8 ᠤ ᠡᠳᠦᠷ ᠪᠣᠯᠣᠨ᠎ᠠ᠃      ᠰᠤᠷᠭᠠᠨ ᠬᠥᠮᠦᠵᠢᠯ ᠤᠨ ᠶᠠᠮᠤᠨ ᠪᠠ ᠡᠯ᠎ᠡ ᠮᠤᠵᠢ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠤᠯᠤᠰ ᠤᠨ ᠲᠤᠰᠬᠠᠢ ᠲᠦᠷᠦᠯ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠲᠦᠷᠦᠯ᠂ ᠣᠷᠣᠨ ᠨᠤᠲᠤᠭ ᠤᠨ ᠲᠤᠰᠬᠠᠢ ᠲᠦᠷᠦᠯ ᠵᠡᠷᠭᠡ ᠳᠤ ᠨᠡᠷ᠎ᠡ ᠮᠡᠳᠡᠭᠦᠯᠬᠦ ᠨᠥᠬᠦᠴᠡᠯ ᠨᠢ ᠨᠡᠶᠢᠴᠡᠬᠦ ᠰᠢᠯᠭᠠᠭᠤᠯᠤᠭᠴᠢ ᠡᠷᠬᠡᠪᠰᠢ ᠡᠷᠦᠭᠡ ᠠᠮᠠ ᠶᠢᠨ ᠲᠠᠩᠰᠠ ᠪᠠᠶᠢᠭ᠎ᠠ ᠰᠢᠶᠠᠨ︵ᠬᠤᠲᠠ᠂ ᠲᠣᠭᠤᠷᠢᠭ︶ ᠳᠤ ᠨᠡᠷ᠎ᠡ ᠮᠡᠳᠡᠭᠦᠯᠬᠦ ᠶᠢᠨ ᠬᠠᠮᠲᠤ ᠬᠢᠷᠢ ᠭᠡᠮ ᠳᠠᠩᠰᠠᠯᠠᠭᠤᠯᠵᠤ ᠮᠡᠳᠡᠭᠦᠯᠬᠦ᠂ ᠬᠢᠨᠠᠨ ᠬᠠᠷᠭᠤᠭᠤᠯᠬᠤ ᠭᠠᠷ ᠭᠦᠢᠴᠡᠳᠬᠡᠯ ᠢ ᠭᠦᠢᠴᠡᠳᠬᠡᠭᠰᠡᠨ ᠬᠤᠶᠢᠨ᠎ᠠ ᠰᠠᠶ᠋ᠢ ᠬᠤᠯᠪᠣᠭᠳᠠᠯ ᠪᠦᠬᠦᠢ ᠬᠢᠷᠢ ᠭᠡᠮ ᠢ ᠮᠠᠭᠠᠳᠯᠠᠨ ᠲᠣᠭᠲᠠᠭᠠᠵᠤ ᠪᠣᠯᠣᠨ᠎ᠠ᠃ ᠬᠡᠷᠪᠡ ᠬᠠᠷᠠᠭᠠᠯᠵᠠᠭᠰᠠᠨ ᠲᠤᠰᠬᠠᠢ ᠲᠥᠯᠥᠪᠯᠡᠭᠡ ᠳᠤ ᠨᠡᠷ᠎ᠡ ᠮᠡᠳᠡᠭᠦᠯᠬᠦ ᠴᠢᠬᠤᠯᠠᠲᠠᠢ ᠪᠣᠯ᠂ ᠰᠢᠯᠭᠠᠭᠤᠯᠤᠭᠴᠢ ᠲᠣᠰ ᠮᠤᠵᠢ ᠣᠷᠣᠨ ᠤ ᠲᠤᠬᠠᠢ ᠶᠢᠨ ᠵᠢᠯ ᠳᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠠᠩᠬᠠᠷᠬᠤ ᠬᠡᠷᠡᠭᠲᠡᠢ᠃      ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号