ᠬᠥᠬᠡᠬᠤᠲᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠭᠤᠣᠯᠳᠠᠯᠭ᠎ᠠ ᠲᠠᠢ ᠲᠤᠰᠬᠠᠢ ᠵᠦᠢᠯ ᠰᠢᠨ᠎ᠡ ᠦᠷ᠎ᠡ ᠪᠦᠲᠦᠭᠡᠯ ᠣᠯᠵᠠᠢ
ᠨᠡᠶᠢᠲᠡᠯᠡᠭᠰᠡᠨ ᠴᠠᠭ᠄
2024/10/16
       ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠬᠤᠣ ᠶᠢᠩ︶ ᠣᠶᠢᠷ᠎ᠠ ᠳᠤ᠂ 2024 ᠣᠨ ᠤ ︽ᠲᠤᠭ᠎ᠠ ᠪᠠᠷᠢᠮᠲᠠ ᠶᠢᠨ ᠡᠯᠧᠮᠧᠨ᠋ᠲ ×︾ × ᠶᠢᠨ ᠤᠷᠤᠯᠳᠤᠭᠠᠨ ᠤ ᠥᠪᠥᠷ ᠮᠣᠩᠭᠤᠯ ᠤᠨ ᠬᠤᠪᠢᠶᠠᠷᠢ ᠤᠷᠤᠯᠳᠤᠭᠠᠨ ᠤ ᠲᠣᠭᠤᠷᠢᠭ ᠲᠤ᠂ ᠥᠪᠥᠷ ᠮᠣᠩᠭᠤᠯ ᠤᠨ ᠡᠷᠡᠭᠦᠯ ᠬᠠᠮᠠᠭᠠᠯᠠᠯ ᠤᠨ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ︽ᠬᠤᠢ ᠵᠧᠨ ᠪᠦᠦ︾ ᠦᠢᠯᠡᠳᠬᠦᠨ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠲᠣᠰ ᠦᠢᠯᠡᠳᠬᠦᠨ ᠨᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠭᠤᠣᠯᠳᠠᠯᠭ᠎ᠠ ᠲᠠᠢ ᠲᠤᠰᠬᠠᠢ  ᠵᠦᠢᠯ ︽ᠲᠣᠮᠣ ᠳ᠋ᠠᠶᠢᠲ᠋ᠠ ᠶᠢᠨ ᠮᠡᠷᠭᠡᠵᠢᠯ ᠤᠨ ᠡᠩ ᠤᠨ ᠰᠢᠯᠭᠠᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠡᠪᠡᠳᠴᠢᠨ ᠡᠮᠭᠡᠭ ᠢ ᠢᠯᠭᠠᠨ ᠲᠠᠨᠢᠬᠤ ᠳᠤᠮᠳᠠᠬᠢ ᠬᠡᠷᠡᠭᠯᠡᠯᠲᠡ︾ ᠶᠢᠨ ᠲᠥᠷᠥᠯ ᠵᠦᠢᠯ ᠤᠨ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ᠶᠡᠭᠡ ᠬᠡᠮᠵᠢᠶᠡᠨ ᠤ ᠰᠢᠯᠭᠠᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠦᠨᠵᠡᠭᠡᠢ ᠠᠭᠤᠳᠠᠯᠤᠨ ᠵᠠᠳᠠᠯᠬᠤ ᠪᠠᠷ ᠳᠠᠮᠵᠢᠭᠤᠯᠤᠨ᠂ ᠡᠪᠡᠳᠴᠢᠨ ᠡᠮᠭᠡᠭ ᠢ ᠡᠷᠲᠡ ᠰᠡᠷᠡᠮᠵᠢᠯᠡᠭᠦᠯᠬᠦ ᠪᠠ ᠣᠨᠣᠪᠴᠢᠲᠠᠶ ᠢᠯᠭᠠᠨ ᠲᠠᠨᠢᠬᠤ ᠶᠢ ᠠᠮᠵᠢᠯᠲᠠ ᠲᠠᠢ ᠪᠡᠶᠡᠯᠡᠭᠦᠯᠪᠡ᠃ ᠡᠭᠦᠨ ᠠᠴᠠ ᠡᠮᠦᠨ᠎ᠡ᠂ ᠲᠣᠰ ᠺᠣᠮᠫᠠᠨᠢ ᠨᠢᠭᠡᠨᠲᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠳᠡᠭᠡᠷ᠎ᠡ ᠢᠯᠡᠳᠲᠡ ᠠᠮᠵᠢᠯᠲᠠ ᠣᠯᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠤᠶᠠᠷ ᠵᠢᠯ ᠤᠨ ᠨᠡᠪᠴᠢᠭᠦᠯᠭᠡ ᠪᠠᠷ ᠳᠡᠮᠵᠢᠨ᠂ ᠨᠢᠳᠤᠨᠤᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠭᠳᠡᠪᠡ᠃            ᠥᠪᠥᠷ ᠮᠣᠩᠭᠤᠯ ᠤᠨ ᠡᠷᠡᠭᠦᠯ ᠬᠠᠮᠠᠭᠠᠯᠠᠯ ᠤᠨ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠢᠮᠡᠯ ᠣᠶᠤᠨ᠂ ᠡᠮᠴᠢᠯᠡᠭᠡᠨ ᠤ ᠠᠨᠠᠭᠠᠬᠤ ᠤᠬᠠᠭᠠᠨ᠂ ᠲᠤᠭ᠎ᠠ ᠪᠦᠷᠢᠳᠬᠡᠯ ᠤᠨ ᠪᠤᠳᠤᠬᠤ ᠠᠷᠭ᠎ᠠ᠂ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠵᠡᠷᠭᠡ ᠬᠦᠷᠢᠶᠡᠨ ᠳᠠᠬᠢ ᠣᠷᠣᠶᠢᠯᠠᠭᠰᠠᠨ ᠴᠢᠳᠠᠪᠤᠷᠢᠲᠠᠨ ᠢ ᠲᠥᠪᠯᠡᠷᠡᠭᠦᠯᠦᠭᠰᠡᠨ ᠪᠥᠭᠡᠳ ᠤᠯᠤᠰ ᠤᠨ ᠳᠣᠲᠣᠭᠠᠳᠤ ᠶᠢᠨ ᠲᠡᠷᠢᠭᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠡᠮᠴᠢᠯᠡᠭᠡᠨ ᠤ ᠪᠠᠶᠢᠭᠤᠯᠤᠮᠵᠢ ᠵᠢᠴᠢ ᠲᠤᠰᠬᠠᠢ ᠮᠡᠷᠭᠡᠵᠢᠯᠲᠡᠨ ᠡᠷᠳᠡᠮᠲᠡᠳ ᠲᠠᠢ ᠨᠢᠭᠲᠠ ᠬᠠᠮᠲᠤᠷᠠᠯᠴᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠪᠠ ᠬᠡᠷᠡᠭᠯᠡᠬᠦ ᠶᠢ ᠬᠠᠮᠲᠤ ᠪᠠᠷ ᠠᠬᠢᠭᠤᠯᠪᠠ᠃ ᠣᠳᠣᠬᠠᠨ ᠳᠤ᠂ ᠲᠣᠰ ᠺᠣᠮᠫᠠᠨᠢ ᠨᠢᠭᠡᠨᠲᠡ SCI ᠰᠡᠳᠬᠦᠯ ᠳᠤ ᠠᠷᠪᠠ ᠭᠠᠷᠤᠢ ᠬᠤᠪᠢ ᠥᠭᠦᠯᠡᠯ ᠨᠡᠶᠢᠲᠡᠯᠡᠵᠦ᠂ ᠬᠤᠶᠠᠷ ᠵᠦᠢᠯ ᠤᠨ ᠤᠯᠤᠰ ᠤᠨ ᠪᠠᠷᠢᠮᠵᠢᠶ᠎ᠠ ᠶᠢ ᠲᠤᠭᠤᠷᠪᠢᠬᠤ ᠳᠤ ᠣᠷᠣᠯᠴᠠᠵᠤ᠂ 40 ᠭᠠᠷᠤᠢ ᠡᠭᠦᠳᠦᠯᠲᠡ ᠶᠢᠨ ᠲᠤᠰᠬᠠᠢ ᠠᠰᠢᠭ ᠭᠤᠶᠤᠴᠢᠯᠠᠵᠤ᠂ 80 ᠭᠠᠷᠤᠢ ᠡᠪᠡᠳᠴᠢᠨ ᠡᠮᠭᠡᠭ ᠢ ᠡᠷᠲᠡ ᠰᠢᠭᠰᠢᠨ ᠪᠤᠳᠤᠬᠤ ᠠᠷᠭ᠎ᠠ ᠶᠢᠨ ᠵᠠᠭᠪᠤᠷ ᠢ ᠪᠠᠶᠢᠭᠤᠯᠤᠭᠰᠠᠨ ᠪᠥᠭᠡᠳ 5 ᠬᠢᠮᠡᠯ ᠣᠶᠤᠨᠴᠢ ᠪᠦᠲᠦᠭᠡᠭᠳᠡᠬᠦᠨ ᠢ ᠪᠥᠬᠦ ᠤᠯᠤᠰ ᠤᠨ ᠣᠯᠠᠨ ᠮᠤᠵᠢ ᠬᠤᠲᠠ ᠳᠤ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠭᠠᠵᠠᠢ᠃ ᠲᠣᠰ ᠤᠳᠠᠭᠠᠨ ᠤ ︽ᠬᠤᠢ ᠵᠧᠨ ᠪᠦᠦ︾ ᠱᠠᠩᠨᠠᠯ ᠬᠦᠷᠲᠡᠭᠰᠡᠨ ᠨᠢ ᠲᠣᠰ ᠺᠣᠮᠫᠠᠨᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠢ ᠭᠦᠢᠴᠡᠳ ᠨᠤᠲᠠᠯᠠᠭᠰᠠᠨ ᠢᠶᠠᠷ ᠪᠠᠷᠠᠬᠤ ᠦᠭᠡᠢ᠂ ᠪᠠᠰᠠ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠨᠡᠪᠴᠢᠭᠦᠯᠦᠭᠦᠷ ᠪᠠ ᠲᠦᠷᠭᠡᠳᠬᠡᠭᠦᠷ ᠤᠨ ᠠᠵᠢᠯ ᠢ ᠳᠡᠭᠡᠳᠦ ᠬᠡᠮᠵᠢᠶ᠎ᠡ ᠪᠠᠷ ᠮᠡᠳᠡᠷᠡᠭᠰᠡᠨ ᠶᠠᠪᠤᠳᠠᠯ ᠪᠣᠯᠣᠨ᠎ᠠ᠃            ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠤᠨ ᠲᠦᠷᠭᠡᠨ ᠪᠦᠵᠢᠬᠤ ᠬᠠᠯᠠᠭᠤᠨ ᠬᠥᠷᠥᠰᠥ ᠪᠣᠯᠤᠭᠰᠠᠨ ᠤ ᠬᠤᠪᠢ ᠳᠤ᠂ 2024 ᠣᠨ ᠳᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ A ᠲᠥᠷᠥᠯ ᠤᠨ ︵ᠰᠢᠯᠢᠳᠡᠭ︶ ᠳᠡᠰ ᠢᠶᠠᠷ ᠦᠨᠡᠯᠡᠭᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠤᠨ ᠲᠦᠷᠭᠡᠨ ᠪᠦᠵᠢᠬᠤ ᠥᠯᠥᠭᠡᠢ ᠪᠣᠯᠬᠤ ᠪᠠᠷ ᠬᠦᠴᠦᠯᠡᠨ ᠴᠢᠷᠮᠠᠶᠢᠵᠤ᠂ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠵᠠᠢ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ ᠳᠤ ᠲᠦᠰᠢᠭᠯᠡᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ︽ᠲᠤᠰᠬᠠᠢ ᠮᠡᠷᠭᠡᠵᠢᠯ ᠢᠶᠠᠷ ᠨᠡᠪᠴᠢᠭᠦᠯᠬᠦ + ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ + ᠲᠤᠰᠬᠠᠢ ᠮᠡᠷᠭᠡᠵᠢᠯ ᠦᠢᠯᠡᠴᠢᠯᠡᠭᠡ ᠶᠢᠨ ᠴᠢᠳᠠᠪᠤᠷᠢᠲᠠᠨ ᠤ ᠡᠩᠨᠡᠭᠡ︾ ᠶᠢ ᠪᠠᠶᠢᠭᠤᠯᠤᠨ ᠲᠡᠭᠦᠯᠳᠡᠷᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠴᠢᠳᠠᠪᠤᠷᠢᠲᠠᠨ ᠢ ᠬᠥᠮᠥᠵᠢᠭᠦᠯᠬᠦ᠂ ᠲᠥᠷᠥ ᠶᠢᠨ ᠪᠣᠳᠣᠯᠭ᠎ᠠ ᠪᠠᠷ ᠳᠡᠮᠵᠢᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠤᠰᠬᠠᠶᠢᠵᠢᠭᠰᠠᠨ ᠦᠢᠯᠡᠴᠢᠯᠡᠭᠡ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠪᠠ᠃ 2023 ᠣᠨ ᠤ ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠮᠠᠭᠠᠳᠯᠠᠨ ᠲᠣᠭᠲᠠᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠲᠦᠷᠭᠡᠳᠬᠡᠭᠦᠷ ᠪᠣᠯᠤᠭᠰᠠᠨ ᠤ ᠬᠤᠪᠢ ᠳᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠵᠤ ᠠᠬᠤᠶᠢᠯᠠᠯ ᠤᠨ ᠲᠦᠷᠭᠡᠳᠬᠡᠭᠦᠷ ᠨᠢ ᠥᠨᠳᠥᠷ ᠥᠰᠦᠯᠲᠡ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠦᠰᠦᠨ ᠪᠣᠶᠢᠵᠢᠬᠤ ᠬᠤᠷᠳᠤᠴᠠ ᠶᠢ ᠲᠦᠷᠭᠡᠳᠬᠡᠵᠡᠢ᠃            ᠣᠲᠣ ᠪᠣᠯᠲᠠᠯ᠎ᠠ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠢ 20 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 18 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ 1 ᠤᠯᠤᠰ ᠤᠨ ᠲᠠᠰ ᠤᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠢ᠂ 2 ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠵᠢᠴᠢ 8 ᠬᠤᠲᠠ ᠶᠢᠨ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠠᠮᠵᠢᠯᠲᠠ ᠲᠠᠢ ᠬᠥᠮᠥᠵᠢᠭᠦᠯᠦᠨ ᠭᠠᠷᠭᠠᠪᠠ᠃ ᠣᠳᠣᠬᠠᠨ ᠳᠤ᠂ ᠲᠣᠰ ᠲᠥᠪ ᠲᠤ ᠨᠡᠪᠴᠢᠭᠦᠯᠵᠦ ᠪᠠᠶᠢᠭ᠎ᠠ ᠠᠵᠤ ᠠᠬᠤᠶᠢᠯᠠᠯ ᠨᠡᠶᠢᠲᠡ 58 ᠪᠤᠢ᠂ ᠡᠭᠦᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠲᠤ ᠪᠠᠶᠢᠭ᠎ᠠ ᠠᠵᠤ ᠠᠬᠤᠶᠢᠯᠠᠯ 44᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠲᠦᠷᠭᠡᠳᠬᠡᠭᠦᠷ ᠲᠤ ᠪᠠᠶᠢᠭ᠎ᠠ ᠠᠵᠤ ᠠᠬᠤᠶᠢᠯᠠᠯ 14 ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号