ᠣᠢ ᠮᠣᠳᠣᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠳᠠ ᠶᠢᠨ ᠥᠩᠭᠡ ᠪᠣᠳᠤᠭ ᠬᠠᠶᠢᠬᠤ ᠠᠶᠠᠯᠠᠯ
ᠨᠡᠶᠢᠲᠡᠯᠡᠭᠰᠡᠨ ᠴᠠᠭ᠄
2024/10/17
     ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠣᠢ  ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠭᠠᠷ ᠬᠤᠯᠪᠣᠯᠴᠠᠨ ︽ᠣᠢ ᠮᠣᠳᠣᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠥᠩᠭᠡ ᠪᠣᠳᠤᠭ ᠰᠦᠪᠡᠭᠴᠢᠯᠡᠬᠦ ᠠᠶᠠᠯᠠᠯ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠢ ᠲᠥᠰᠥᠪᠯᠡᠭᠰᠡᠨ ᠪᠥᠭᠡᠳ ᠡᠷᠬᠢᠯᠡᠪᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠠᠨ ᠰᠤᠷᠭᠠᠯᠲᠠ ᠶᠢᠨ ᠭᠦᠨᠵᠡᠭᠡᠢ ᠠᠭᠤᠰᠤᠯᠴᠠᠯ ᠢᠶᠠᠷ ᠳᠠᠮᠵᠢᠭᠤᠯᠵᠤ᠂ ᠬᠠᠷᠢᠶ᠎ᠠ ᠣᠷᠣᠨ ᠤ ᠨᠠᠰᠤᠨ ᠳᠤ ᠦᠯᠦ ᠬᠦᠷᠦᠭᠰᠡᠳ ᠢ ᠬᠥᠲᠥᠯᠥᠨ ᠳᠠᠭᠠᠭᠤᠯᠵᠤ ᠨᠠᠮᠤᠷ ᠤᠨ ᠤᠯᠠᠷᠢᠯ ᠤᠨ ᠮᠣᠳᠣᠨ ᠤ ᠥᠩᠭᠡ ᠶᠢᠨ ᠬᠤᠪᠢᠷᠠᠯᠲᠠ ᠶᠢᠨ ᠨᠢᠭᠤᠴᠠ ᠶᠢ ᠭᠦᠨᠵᠡᠭᠡᠢ ᠬᠠᠶᠢᠨ ᠰᠦᠪᠡᠭᠴᠢᠯᠡᠬᠦ ᠶᠢᠨ ᠬᠠᠮᠲᠤ ᠪᠣᠯᠪᠠᠰᠤᠨ ᠤ ᠰᠢᠨ᠎ᠡ ᠬᠡᠪ ᠰᠤᠷᠲᠠᠯ ᠢ ᠢᠳᠡᠪᠬᠢᠲᠡᠢ ᠤᠯᠠᠮᠵᠢᠯᠠᠵᠤ᠂ ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠳᠤ ᠥᠩᠭᠡ ᠢᠯᠭᠠᠷᠠᠮ᠎ᠠ ᠬᠠᠭᠤᠳᠠᠰᠤ ᠶᠢ ᠨᠡᠮᠡᠷᠢᠯᠡᠨ᠎ᠡ᠃
      ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ᠂ ᠤᠯᠠᠨ ᠢᠶᠠᠷ ᠢᠶᠠᠨ ᠪᠠᠶᠢᠭᠠᠯᠢ ᠶᠢᠨ ᠭᠠᠶᠢᠬᠠᠮᠰᠢᠭᠲᠤ ᠪᠠ ᠠᠭᠤᠤ ᠶᠡᠭᠡ ᠪᠠᠶᠢᠳᠠᠯ ᠢ ᠮᠡᠳᠡᠷᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠪᠣᠯᠪᠠᠰᠤᠨ ᠤ ᠰᠢᠨ᠎ᠡ ᠬᠡᠪ ᠰᠤᠷᠲᠠᠯ ᠢ ᠤᠯᠠᠮ ᠴᠢᠨᠠᠭᠰᠢᠳᠠ ᠪᠠᠳᠠᠷᠠᠭᠤᠯᠪᠠ᠃          ᠢᠷᠡᠭᠡᠳᠦᠢ ᠳᠤ᠂ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠡᠯ᠎ᠡ ᠨᠢᠭᠡᠴᠢ ᠲᠠᠢ ᠭᠠᠷ ᠬᠤᠯᠪᠣᠯᠴᠠᠨ᠂ ᠨᠡᠩ ᠤᠯᠠᠨ ᠰᠣᠨᠢᠷᠬᠠᠯᠲᠠᠢ ᠠᠵᠢᠯᠯᠠᠭ᠎ᠠ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠤᠶᠤᠨ ᠤ ᠰᠣᠶᠣᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠤᠨ᠎ᠠ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号