ᠰᠠᠶᠢᠬᠠᠨ ᠲᠣᠭᠤᠷᠢᠭ᠄ ᠲᠣᠭᠠᠴᠢᠯᠠᠭᠰᠠᠨ ᠮᠡᠷᠭᠡᠵᠢᠯ  ᠢᠶᠠᠷ  ᠡᠨᠧᠷᠭᠢ  ᠣᠯᠭᠤᠵᠦ ᠣᠶᠤᠨᠴᠢ ᠵᠠᠰᠠᠭ ᠤᠨ ᠶᠠᠪᠤᠳᠠᠯ ᠤᠨ ᠰᠢᠨ᠎ᠡ ᠵᠢᠷᠤᠭ ᠲᠥᠯᠥᠪᠯᠡᠭᠡ ᠶᠢ  ᠵᠢᠷᠣᠭᠯᠠᠨ᠎ᠠ
ᠨᠡᠶᠢᠲᠡᠯᠡᠭᠰᠡᠨ ᠴᠠᠭ᠄
2024/10/18
      2024 ᠣᠨ ᠳᠤ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠢᠵᠢᠮ ᠪᠣᠯᠭᠠᠵᠤ᠂ ᠲᠣᠭᠠᠴᠢᠯᠠᠭᠰᠠᠨ ᠮᠡᠷᠭᠡᠵᠢᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠥᠷᠭᠡᠨ ᠢᠶᠠᠷ ᠬᠡᠷᠡᠭᠯᠡᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠨᠢᠭᠡ︾ ᠶᠢᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠡᠰ ᠳᠡᠪᠰᠢᠬᠦ ᠶᠢ ᠠᠬᠢᠭᠤᠯᠵᠤ᠂ ᠰᠠᠶᠢᠬᠠᠨ ᠣᠶᠤᠨᠲᠤ ᠵᠠᠰᠠᠭ ᠤᠨ ᠶᠠᠪᠤᠳᠠᠯ ᠤᠨ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠪᠠ᠃
      ᠨᠢᠭᠡ ᠳᠠᠷᠤᠪᠴᠢ ᠶᠢᠨ ᠰᠢᠭᠤᠳ ᠵᠠᠰᠠᠭ ᠠᠵᠤ ᠠᠬᠤᠶᠢᠯᠠᠯ ᠬᠠᠷᠢᠯᠴᠠᠨ ᠬᠥᠳᠡᠯᠦᠯᠴᠡᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠳᠤᠴᠠ ᠶᠢ ᠳᠡᠭᠡᠭᠰᠢᠯᠡᠭᠦᠯᠦᠨ᠎ᠡ᠃ 12345 ᠬᠠᠯᠠᠮᠰᠢᠯ ᠤᠲᠠᠰᠤ ᠪᠣᠯᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠲᠠᠢ ᠨᠢᠭᠲᠠ ᠬᠤᠯᠪᠤᠭᠠᠯᠠᠨ ᠬᠥᠳᠡᠯᠦᠯᠴᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠡ ᠳᠠᠷᠤᠪᠴᠢ ᠪᠠᠷ ᠦᠢᠯᠡᠴᠢᠯᠡᠭᠡᠨ ᠤ ᠴᠣᠩᠬᠤᠪᠴᠢ ᠳᠤ ᠰᠢᠭᠤᠳ ᠬᠦᠷᠭᠡᠬᠦ ᠶᠢ ᠪᠡᠶᠡᠯᠡᠭᠦᠯᠵᠦ᠂ ᠥᠨᠳᠥᠷ ᠪᠦᠲᠦᠮᠵᠢᠲᠡᠢ᠂ ᠢᠯᠡ ᠲᠣᠳᠣ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠬᠥᠭᠦᠷᠭᠡ ᠶᠢ ᠪᠠᠶᠢᠭᠤᠯᠤᠨ᠎ᠠ᠃ ᠲᠣᠰ ᠲᠣᠭᠲᠠᠴᠠ ᠳᠤ ᠨᠢᠭᠡᠨᠲᠡ 291 ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠤᠯᠪᠤᠭᠠᠯᠠᠨ ᠬᠥᠳᠡᠯᠦᠯᠴᠡᠵᠦ ᠰᠢᠢᠳᠪᠦᠷᠢᠯᠡᠪᠡ᠂ ᠡᠭᠦᠨ ᠳᠤ ᠲᠥᠷᠥ ᠶᠢᠨ ᠪᠣᠳᠣᠯᠭ᠎ᠠ ᠶᠢᠨ ᠬᠠᠷᠢᠭᠤᠯᠲᠠ 70᠂ ᠰᠦᠯᠵᠢᠶᠡᠨ ᠳᠡᠭᠡᠷ᠎ᠡ 186 ᠬᠤᠪᠢ ᠬᠥᠲᠥᠯᠥᠨ ᠵᠢᠯᠤᠭᠤᠳᠴᠤ᠂ 35 ᠬᠤᠪᠢ ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠭᠡᠬᠦ ᠶᠢ ᠪᠠᠭᠲᠠᠭᠠᠵᠤ᠂ 80% ᠶᠢ ᠠᠮᠵᠢᠯᠲᠠ ᠲᠠᠢ ᠪᠠᠭᠠᠰᠬᠠᠪᠠ᠃ ᠠᠰᠠᠭᠤᠨ ᠯᠠᠪᠯᠠᠬᠤ ᠲᠥᠷᠥᠯ ᠤᠨ ᠠᠰᠠᠭᠤᠳᠠᠯ ᠢ ᠲᠡᠷᠡ ᠳᠠᠷᠤᠢ ᠳᠤᠨᠢ ᠬᠠᠷᠢᠭᠤᠯᠲᠠ ᠥᠭᠴᠦ᠂ ᠲᠤᠬᠠᠶᠢᠯᠠᠭᠰᠠᠨ ᠠᠵᠢᠯ ᠤᠨ ᠲᠥᠷᠥᠯ ᠤᠨ ᠵᠦᠢᠯᠡᠰ ᠢ ᠰᠢᠢᠳᠪᠦᠷᠢᠯᠡᠬᠦ ᠦᠶᠡᠯᠡᠯ ᠤᠨ ᠬᠤᠭᠤᠴᠠᠭ᠎ᠠ ᠶᠢ ᠴᠤ ᠤᠤᠯ ᠤᠨ 3 - 4 ᠠᠵᠢᠯ ᠤᠨ ᠡᠳᠦᠷ ᠪᠠᠶᠢᠭᠰᠠᠨ ᠠᠴᠠ ᠨᠢ 2 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃          ᠤᠷᠢᠳᠴᠢᠯᠠᠨ ᠮᠡᠳᠡᠭᠡᠯᠡᠭᠰᠡᠨ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠷᠢᠯᠢᠭ ᠣᠨᠣᠴᠠᠲᠠᠢ ᠪᠠᠷ ᠬᠦᠷᠭᠡᠬᠦ ᠶᠢ ᠪᠡᠶᠡᠯᠡᠭᠦᠯᠦᠨ᠎ᠡ᠃ ᠲᠣᠮᠣ ᠳ᠋ᠠᠶᠢᠲ᠋ᠠ ᠶᠢᠨ ᠵᠠᠳᠠᠯᠤᠯᠲᠠ ᠬᠢᠭᠡᠳ RPA ︵ᠮᠠᠰᠢᠨ ᠬᠥᠮᠥᠨ ᠤ ᠴᠤᠪᠤᠷᠠᠯ ᠤᠨ ᠠᠦ᠋ᠲ᠋ᠣᠴᠢᠯᠠᠯᠲᠠ︶ ᠶᠢᠨ ᠮᠡᠷᠭᠡᠵᠢᠯ ᠢ ᠬᠡᠷᠡᠭᠯᠡᠨ᠂ ᠠᠵᠤ ᠠᠬᠤᠶᠢᠯᠠᠯ ᠤᠨ ᠦᠨᠡᠮᠯᠡᠯ ᠤᠨ ᠦᠷᠭᠦᠯᠵᠢᠯᠡᠭᠰᠡᠨ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠲᠥᠰᠥᠭᠡᠯᠡᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠠᠦ᠋ᠲ᠋ᠣ᠋ ᠬᠠᠷᠢᠴᠠᠭᠤᠯᠬᠤ ᠶᠢᠨ ᠬᠠᠮᠲᠤ ᠦᠷᠭᠦᠯᠵᠢᠯᠡᠨ ᠭᠡᠷᠡᠴᠢᠯᠡᠬᠦ᠂ ᠣᠨ ᠤ ᠪᠠᠶᠢᠴᠠᠭᠠᠯᠲᠠ ᠵᠡᠷᠭᠡ ᠰᠠᠨᠠᠭᠤᠯᠬᠤ ᠣᠬᠤᠷ ᠮᠡᠳᠡᠭᠡ ᠶᠠᠪᠤᠭᠤᠯᠬᠤ ᠬᠡᠷᠡᠭᠲᠡᠢ᠃ ᠡᠨᠡ ᠵᠢᠯ ᠠᠴᠠ᠂ ᠨᠢᠭᠡᠨᠲᠡ 4800 ᠭᠠᠷᠤᠢ ᠣᠬᠤᠷ ᠴᠢᠮᠡᠭᠡ ᠶᠠᠪᠤᠭᠤᠯᠵᠤ᠂ 2500 ᠭᠠᠷᠤᠢ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠠᠵᠤ ᠠᠬᠤᠶᠢᠯᠠᠯ ᠤᠨ ᠮᠠᠷᠲᠠᠭᠰᠠᠨ ᠪᠤᠶᠤ ᠬᠤᠭᠤᠴᠠᠭ᠎ᠠ ᠠᠴᠠ ᠬᠡᠲᠦᠷᠡᠭᠦᠯᠦᠨ ᠦᠨᠡᠮᠯᠡᠯ ᠰᠣᠯᠢᠭᠰᠠᠨ ᠠᠴᠠ ᠪᠣᠯᠵᠤ ᠲᠤᠯᠭᠠᠷᠠᠵᠤ ᠪᠠᠶᠢᠭ᠎ᠠ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠰᠠᠨᠠᠭᠠᠴᠢᠯᠠᠭ᠎ᠠ ᠦᠭᠡᠢ ᠪᠠᠷ ᠬᠦᠯᠢᠶᠡᠬᠦ︾ ᠠᠴᠠ ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠳᠠᠰᠢ ᠬᠤᠪᠢᠷᠠᠭᠤᠯᠬᠤ ᠶᠢ ᠪᠡᠶᠡᠯᠡᠭᠦᠯᠪᠡ᠃              ᠨᠢᠭᠡ ᠰᠦᠯᠵᠢᠶ᠎ᠡ ᠨᠡᠶᠢᠯᠡᠭᠦᠯᠦᠭᠰᠡᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ︽ᠨᠢᠭᠡ ᠬᠦᠰᠦᠨᠦᠭᠲᠦ ᠶᠢ ᠨᠡᠪᠲᠡᠷᠡᠭᠦᠯᠬᠦ︾ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠬᠦ᠃ ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ 14 ᠭᠠᠵᠠᠷ ᠣᠷᠣᠨ᠂ 49 ᠰᠠᠯᠠᠭ᠎ᠠ ᠮᠥᠴᠢᠷ ᠲᠤ 545 ᠬᠤᠪᠢ ᠮᠡᠳᠡᠭᠦᠯᠬᠦ ᠬᠦᠰᠦᠨᠦᠭᠲᠦ ᠶᠢ ᠥᠷᠭᠡᠨ ᠢᠶᠠᠷ ᠴᠤᠭᠯᠠᠭᠤᠯᠵᠤ᠂ 77 ᠡᠬᠡ ᠲᠠᠩᠰᠠ ᠶᠢ ᠡᠮᠬᠢᠯᠡᠨ ᠪᠦᠷᠢᠯᠳᠦᠭᠦᠯᠵᠦ᠂ ᠲᠣᠤᠷᠵᠢᠭᠤᠯᠤᠭᠰᠠᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠳᠤ ᠲᠦᠰᠢᠭᠯᠡᠨ ︽ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ︾ ᠶᠢ ᠪᠠᠶᠢᠭᠤᠯᠤᠨ᠎ᠠ᠃ ᠣᠳᠣᠬᠠᠨ ᠳᠤ᠂ ᠲᠣᠰ ᠳ᠋ᠠᠶᠢᠲ᠋ᠠ ᠬᠥᠮᠥᠷᠭᠡ ᠨᠢᠭᠡᠨᠲᠡ 141.9 ᠲᠦᠮᠡᠨ ᠵᠤᠷᠪᠤᠰ ᠰᠠᠭᠤᠷᠢ ᠲᠤᠭ᠎ᠠ ᠪᠠᠷᠢᠮᠲᠠ ᠪᠠ ᠥᠨᠳᠥᠷ ᠳᠠᠪᠲᠠᠮᠵᠢᠲᠤ ᠮᠡᠳᠡᠭᠦᠯᠬᠦ ᠬᠦᠰᠦᠨᠦᠭᠲᠦ ᠶᠢᠨ ᠡᠬᠡ ᠲᠠᠩᠰᠠ ᠶᠢᠨ ᠲᠤᠭ᠎ᠠ ᠪᠠᠷᠢᠮᠲᠠ ᠶᠢ ᠵᠠᠯᠭᠠᠨ ᠣᠷᠣᠭᠤᠯᠵᠤ᠂ 462 ᠲᠤᠬᠠᠶᠢᠯᠠᠭᠰᠠᠨ ᠠᠵᠢᠯ ᠤᠨ ᠨᠢᠭᠡᠴᠡ ᠶᠢᠨ ᠵᠠᠰᠠᠭ ᠤᠨ ᠶᠠᠪᠤᠳᠠᠯ ᠤᠨ ᠲᠤᠰᠬᠠᠢ ᠰᠦᠯᠵᠢᠶ᠎ᠡ ᠶᠢ ᠬᠠᠮᠤᠷᠴᠤ᠂ ︽ᠣᠯᠠᠨ ᠰᠦᠯᠵᠢᠶ᠎ᠡ ᠶᠢ ᠠᠭᠤᠰᠤᠯᠴᠠᠭᠤᠯᠤᠨ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃ ᠲᠣᠰ ᠠᠷᠭ᠎ᠠ ᠬᠡᠮᠵᠢᠶ᠎ᠡ ᠨᠢ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠪᠠᠬᠢᠯᠡᠯᠲᠡ ᠶᠢ  ᠨᠡᠪᠲᠡᠷᠡᠭᠦᠯᠦᠭᠰᠡᠨ ᠢᠶᠠᠷ ᠪᠠᠷᠠᠬᠤ ᠦᠭᠡᠢ ᠳᠡᠭᠡᠳᠦ ᠳᠣᠣᠷᠠᠳᠤ ᠱᠠᠲᠤᠨ ᠤ ᠬᠤᠭᠤᠷᠣᠨᠳᠣᠬᠢ ᠬᠤᠯᠪᠤᠭᠠᠯᠠᠨ ᠬᠥᠳᠡᠯᠦᠯᠴᠡᠵᠦ ᠬᠠᠮᠵᠢᠯᠴᠠᠬᠤ ᠶᠢ ᠭᠤᠯᠳᠤ ᠪᠠᠷ ᠨᠠᠪᠲᠠᠷᠡᠭᠦᠯᠵᠦ᠂ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠲᠠᠪᠴᠠᠩ ᠢ ᠠᠯᠬᠤᠮ ᠠᠯᠬᠤᠮ ᠢᠶᠠᠷ ᠪᠠᠶᠢᠭᠤᠯᠪᠠ᠃         ︽ᠭᠤᠷᠪᠠᠨ ᠨᠢᠭᠡ︾ ᠶᠢᠨ ᠠᠷᠭ᠎ᠠ ᠬᠡᠮᠵᠢᠶ᠎ᠡ ᠪᠠᠷ ᠬᠥᠳᠡᠯᠭᠡᠭᠦᠷ ᠪᠣᠯᠭᠠᠵᠤ᠂ ᠰᠠᠶᠢᠬᠠᠨ ᠲᠣᠭᠤᠷᠢᠭ ᠣᠶᠤᠨᠴᠢ᠂ ᠨᠡᠭᠡᠭᠡᠯᠲᠡᠲᠡᠢ᠂ ᠬᠠᠮᠲᠤ ᠪᠠᠷ ᠡᠳ᠋ᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠠᠮᠢ ᠠᠬᠤᠢ ᠶᠢ ᠯᠠᠪᠳᠠᠭᠤᠨ ᠢᠶᠠᠷ ᠪᠠᠶᠢᠭᠤᠯᠵᠤ ᠪᠠᠶᠢᠨ᠎ᠠ᠃ ᠢᠷᠡᠭᠡᠳᠦᠢ ᠳᠤ᠂ ᠰᠠᠶᠢᠬᠠᠨ ᠲᠣᠭᠤᠷᠢᠭ ᠦᠷᠭᠦᠯᠵᠢᠯᠡᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠵᠢᠯᠣᠭᠤᠳᠤᠮᠵᠢ ᠪᠣᠯᠭᠠᠵᠤ᠂ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠥᠨᠳᠥᠷ ᠪᠦᠲᠦᠮᠵᠢᠲᠡᠢ᠂ ᠳᠥᠭᠦᠮ ᠳᠥᠲᠡ᠂ ᠨᠠᠷᠢᠯᠢᠭ ᠣᠨᠣᠴᠠᠲᠠᠢ ᠴᠢᠭᠯᠡᠯ ᠲᠡᠰᠢ ᠤᠷᠤᠭᠰᠢᠯᠠᠬᠤ ᠶᠢ ᠲᠠᠰᠤᠷᠠᠯᠲᠠ ᠦᠭᠡᠢ ᠠᠬᠢᠭᠤᠯᠤᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号