ᠰᠠᠶᠢᠬᠠᠨ ᠲᠣᠭᠤᠷᠢᠭ ᠤᠨ ᠳᠣᠣᠷ᠎ᠠ ᠠᠭᠠᠷ ᠤᠨ ᠠᠵᠤ ᠠᠬᠤᠢ ᠰᠢᠨ᠎ᠡ ᠤᠷᠤᠰᠬᠠᠯ ᠢ ᠬᠥᠲᠥᠯᠥᠨ ᠳᠠᠭᠠᠭᠤᠯᠪᠠ
ᠨᠡᠶᠢᠲᠡᠯᠡᠭᠰᠡᠨ ᠴᠠᠭ᠄
2024/10/18
     10 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠰᠠᠶᠢᠬᠠᠨ ᠲᠣᠭᠤᠷᠢᠭ ᠤᠨ ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠳᠤ 25 ᠺᠢᠯᠣᠭ᠍ᠷᠠᠮ ᠳᠡᠰ ᠤᠨ ᠠᠵᠤ ᠦᠢᠯᠡᠳᠪᠦᠷᠢ ᠶᠢᠨ ᠳᠡᠰ ᠲᠤ ᠵᠢᠯᠣᠭᠤᠴᠢ ᠦᠭᠡᠢ ᠨᠢᠰᠬᠡᠯ ᠢ ᠠᠮᠵᠢᠯᠲᠠ ᠲᠠᠢ ᠪᠠᠷ ᠲᠤᠷᠰᠢᠨ ᠨᠢᠰᠬᠡᠪᠡ᠃ ᠳᠣᠰ ᠨᠢᠰᠬᠡᠯ ᠨᠢ  ᠴᠢᠩ ᠬᠤᠸᠠ ᠶᠡᠭᠡ ᠰᠤᠷᠭᠠᠭᠤᠯᠢ ᠶᠢᠨ ᠠᠭᠠᠷ ᠰᠠᠨᠰᠠᠷ ᠤᠨ ᠠᠶᠠᠯᠠᠯ ᠤᠨ ᠳᠡᠭᠡᠳᠦ ᠰᠤᠷᠭᠠᠭᠤᠯᠢ ᠶᠢᠨ ᠯᠠᠨ ᠰᠢᠦᠢ ᠳᠣᠶᠢᠩ ᠫᠷᠣᠹᠧᠰᠰᠣᠷ  ᠪᠦᠯᠬᠦᠮ ᠰᠤᠳᠤᠯᠤᠨ ᠦᠢᠯᠡᠴᠢᠯᠡᠵᠦ᠂ ᠡᠯ᠎ᠡ ᠵᠦᠢᠯ ᠤᠨ ᠴᠢᠨᠠᠷ ᠴᠢᠳᠠᠪᠤᠷᠢ ᠬᠠᠷᠠᠯᠲᠠ ᠲᠠᠭᠠᠨ ᠬᠦᠷᠴᠦ᠂ ᠬᠤᠶᠢᠰᠢᠳᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠤ ᠪᠠᠲᠤ ᠰᠠᠭᠤᠷᠢ ᠲᠠᠯᠪᠢᠪᠠ᠃ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠯᠠᠨ ᠫᠷᠤᠹᠧᠰᠰᠤᠷ ᠤᠨ ᠪᠦᠯᠬᠦᠮ ᠤᠨ ᠵᠢᠯᠣᠭᠤᠴᠢ ᠦᠭᠡᠢ ᠨᠢᠰᠬᠡᠯ ᠤᠨ ᠮᠡᠷᠭᠡᠵᠢᠯ ᠢ ᠣᠷᠣᠭᠤᠯᠤᠨ ᠠᠪᠴᠢᠷᠠᠵᠤ᠂  ︽ᠮᠡᠷᠭᠡᠵᠢᠯ ᠤᠨ ᠪᠡᠯᠡ ᠮᠥᠩᠭᠦ ᠶᠢᠨ ᠰᠠᠭᠤᠷᠢᠨ ᠭᠠᠵᠠᠷ︾ ᠤᠨ ᠵᠠᠭᠪᠤᠷ ᠢᠶᠠᠷ ᠠᠵᠢᠯᠯᠠᠭᠤᠯᠤᠨ᠎ᠠ᠃
     ᠲᠣᠰ ᠤᠳᠠᠭᠠᠨ ᠤ ᠨᠢᠰᠬᠡᠯ ᠤᠨ ᠬᠡᠯᠪᠡᠷᠢ ᠶᠢ ᠠᠮᠵᠢᠯᠲᠠ ᠲᠠᠢ ᠪᠠᠷ ᠲᠤᠷᠰᠢᠨ ᠬᠥᠭᠵᠢᠭᠦᠯᠦᠭᠰᠡᠨ ᠨᠢ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠲᠤᠰ ᠨᠢᠰᠬᠡᠯ ᠤᠨ ᠬᠡᠯᠪᠡᠷᠢ ᠵᠢᠩᠬᠢᠨᠢ ᠪᠠᠷ ᠬᠡᠪᠰᠢᠭᠰᠡᠨ ᠭᠠᠷᠤᠯᠲᠠ ᠪᠠᠨ ᠤᠰᠤᠨ ᠠᠰᠢᠭᠯᠠᠯᠳᠠ᠂ ᠲᠣᠭᠤᠷᠢᠨ ᠪᠠᠶᠢᠴᠠᠭᠠᠬᠤ᠂ ᠭᠠᠯ ᠤᠨᠲᠠᠷᠠᠭᠠᠬᠤ᠂ ᠡᠳ᠋ ᠪᠠᠷᠠᠭᠠᠨ ᠤ ᠭᠦᠢᠯᠭᠡᠭᠡ ᠵᠡᠷᠭᠡ ᠣᠯᠠᠨ ᠪᠠᠶᠢᠳᠠᠯ ᠳᠤ ᠥᠷᠭᠡᠨ ᠢᠶᠠᠷ ᠬᠡᠷᠡᠭᠯᠡᠵᠦ᠂ ᠬᠥᠬᠡᠬᠤᠲᠠ ᠶᠢᠨ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号