@ ᠥᠪᠥᠷ ᠮᠣᠩᠭᠤᠯ ᠤᠨ ᠰᠠᠭᠤᠭᠠᠯᠢ ᠠᠷᠠᠳ  ᠣᠨᠳᠣᠣ ᠭᠠᠵᠠᠷ ᠲᠤ ᠳᠠᠭᠠᠳᠬᠠᠯ ᠳᠤ ᠣᠷᠣᠯᠴᠠᠬᠤ ᠳᠤ ᠪᠠᠨ ᠠᠩᠬᠠᠷᠤᠭᠠᠷᠠᠢ
ᠨᠡᠶᠢᠲᠡᠯᠡᠭᠰᠡᠨ ᠴᠠᠭ᠄
2024/10/18
    ᠣᠶᠤᠲᠠᠳ ᠤᠨ ᠠᠵᠢᠯ ᠣᠯᠬᠤ ᠤᠯᠠᠷᠢᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠬᠦᠷᠴᠦ ᠢᠷᠡᠬᠦ ᠪᠠᠷ᠂ ᠣᠨᠳᠣᠣ ᠭᠠᠵᠠᠷ ᠲᠤ ᠠᠵᠢᠯ ᠣᠯᠣᠭᠰᠠᠨ ᠪᠤᠶᠤ ᠣᠷᠳᠣ ᠬᠤᠭᠤᠴᠠᠭ᠎ᠠ ᠪᠠᠷ ᠪᠤᠰᠤᠳ ᠭᠠᠵᠠᠷ ᠲᠤ ᠰᠠᠭᠤᠷᠢᠰᠢᠭᠰᠠᠨ ᠵᠡᠷᠭᠡ ᠪᠠᠶᠢᠳᠠᠯ ᠠᠴᠠ ᠪᠣᠯᠵᠤ ᠳᠠᠭᠠᠳᠬᠠᠯ ᠳᠤ ᠣᠷᠣᠯᠴᠠᠬᠤ ᠭᠠᠵᠠᠷ ᠢᠶᠠᠨ ᠬᠤᠪᠢᠷᠠᠭᠤᠯᠬᠤ ᠳᠤ᠂ ᠤᠤᠯ ᠤᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠲᠦᠷ ᠵᠣᠭᠰᠤᠭᠠᠬᠤ ᠴᠢᠬᠤᠯᠠᠲᠠᠢ ᠪᠠᠶᠢᠳᠠᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠲᠠᠨᠢᠯᠴᠠᠭᠤᠯᠤᠭᠰᠠᠨ ᠢᠶᠠᠷ᠂ ᠡᠲᠡᠭᠡᠷ ᠰᠠᠭᠤᠭᠠᠯᠢ ᠠᠷᠠᠳ ᠤᠨ ᠣᠨᠳᠣᠣ ᠭᠠᠵᠠᠷ ᠲᠤ ᠳᠠᠭᠠᠳᠬᠠᠯ ᠳᠤ ᠣᠷᠣᠯᠴᠠᠬᠤ ᠳᠤ ᠳᠥᠭᠦᠮᠯᠡᠬᠦ ᠶᠢᠨ ᠲᠥᠯᠥᠭᠡ᠂ 2024 ᠣᠨ ᠤ 10 ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠭᠠᠷ ᠤᠲᠠᠰᠤᠨ ᠤ ᠦᠵᠦᠭᠦᠷ ᠢᠶᠠᠷ ︽ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ︾ ᠶᠢ ᠭᠦᠢᠴᠡᠳᠬᠡᠵᠦ ᠪᠣᠯᠣᠨ᠎ᠠ᠃        ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ ᠴᠤᠪᠤᠷᠠᠯ          ᠭᠦᠢᠴᠡᠳᠭᠡᠭᠴᠢ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ App - ᠥᠪᠥᠷ ᠮᠣᠩᠭᠤᠯ ᠲᠤᠰᠬᠠᠢ ᠲᠣᠭᠤᠷᠢᠭ᠂ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ App᠂ ᠸᠢᠴᠠᠲ ᠪᠤᠶᠤ ᡁᠢ ᠹᠦ᠋ ᠪᠣᠣ ᠳᠠᠬᠢ ︽ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ︾ ᠵᠢᠵᠢᠭ ᠫᠷᠣᠭ᠍ᠷᠠᠮ ᠵᠡᠷᠭᠡ ᠠᠷᠭ᠎ᠠ ᠵᠠᠮ ᠢᠶᠠᠷ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ︾ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃          ᠠᠯᠬᠤᠮ ᠨᠢᠭᠡ      ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠤᠭᠠᠬᠤ︾ ᠴᠢᠳᠠᠮᠵᠢ ᠶᠢᠨ ᠬᠡᠰᠡᠭ ᠠᠴᠠ ᠡᠬᠢᠯᠡᠵᠦ ᠠᠵᠢᠯᠯᠠᠨ᠎ᠠ᠃
    ᠠᠯᠬᠤᠮ ᠬᠤᠶᠠᠷ     ᠬᠤᠪᠢ ᠬᠥᠮᠥᠨ ᠤ ᠠᠮᠠᠯᠠᠯᠲᠠ ᠶᠢ ᠤᠩᠰᠢᠭᠠᠳ ᠭᠠᠷ ᠤᠨ ᠦᠰᠦᠭ ᠵᠢᠷᠤᠨ᠎ᠠ᠃
     ᠠᠯᠬᠤᠮ ᠭᠤᠷᠪᠠ     ︽ᠲᠦᠷ ᠵᠣᠭᠰᠤᠭᠠᠬᠤ ᠰᠢᠯᠲᠠᠭᠠᠨ︾ ᠢᠶᠠᠨ ᠰᠣᠩᠭᠤᠭᠠᠳ ᠲᠤᠰᠢᠶᠠᠨ᠎ᠠ᠃         ᠠᠯᠬᠤᠮ ᠳᠥᠷᠪᠡ     ᠠᠮᠵᠢᠯᠲᠠ ᠲᠠᠢ ᠲᠤᠰᠢᠶᠠᠪᠠᠯ ᠳᠠᠷᠤᠢ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠢᠶᠠᠷ ᠪᠣᠳᠣᠵᠤ᠂ ᠬᠢᠨᠠᠨ ᠬᠠᠷᠭᠤᠭᠤᠯᠬᠤ ᠴᠢᠬᠤᠯᠠ ᠦᠭᠡᠢ᠃
     ᠭᠠᠷ ᠤᠲᠠᠰᠤᠨ ᠳᠡᠭᠡᠷ᠎ᠡ ᠳᠠᠭᠠᠳᠬᠠᠯ ᠳᠤ ᠣᠷᠣᠯᠴᠠᠬᠤ ᠪᠠᠨ ᠲᠦᠷ ᠵᠣᠭᠰᠣᠭᠠᠭᠰᠠᠨ ᠤ ᠳᠠᠷᠠᠭ᠎ᠠ᠂ ᠰᠢᠯᠵᠢᠭᠦᠯᠬᠦ ᠭᠡᠵᠦ ᠪᠠᠶᠢᠭ᠎ᠠ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠠᠷᠢᠯᠴᠠᠵᠤ ᠪᠠᠶᠢᠭᠠᠳ ᠳᠠᠭᠠᠳᠬᠠᠯ ᠳᠤ ᠣᠷᠣᠯᠴᠠᠬᠤ ᠬᠠᠷᠢᠴᠠᠭᠠᠨ ᠤ ᠰᠢᠨ᠎ᠡ ᠳᠠᠩᠰᠠᠯᠠᠯᠲᠠ ᠪᠠᠨ ᠭᠦᠢᠴᠡᠳᠬᠡᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号