ᠰᠠᠶᠢᠬᠠᠨ ᠲᠣᠭᠤᠷᠢᠭ ᠤᠨ ᠰᠠᠯᠠᠭᠠᠨ ᠳᠡᠰ ᠤᠨ ᠺᠠᠲᠷ  ᠰᠢ ᠶᠢᠨ ᠫᠢᠩ  ᠤᠨ  ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/10/21
     10 ᠰᠠᠷ᠎ᠠ ᠶᠢᠨ 17 ᠤ ᠡᠳᠦᠷ᠂ ᠰᠠᠶᠢᠬᠠᠨ ᠲᠣᠭᠤᠷᠢᠭ ᠤᠨ ᠰᠠᠯᠠᠭᠠᠨ ᠳᠡᠰ ᠤᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠪᠡ᠃ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠰᠢᠶᠣᠣ ᠶᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠯᠧᠢ ᠬᠤᠷᠠᠯ ᠢ ᠡᠷᠭᠢᠯᠡᠪᠡ᠃
           ᠬᠤᠷᠠᠯ ᠠᠴᠠ᠂ ᠪᠦᠬᠦ ᠰᠤᠷᠤᠭᠴᠢᠳ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠰᠤᠷᠤᠯᠴᠠᠬᠤ ᠡᠭᠦᠷᠭᠡ ᠪᠠᠨ ᠪᠡᠶᠡᠯᠡᠭᠦᠯᠵᠦ᠂ ᠥᠭᠡᠷᠡᠴᠢᠯᠡᠯᠲᠡ ᠶᠢ ᠰᠠᠶᠢᠲᠤᠷ ᠠᠳᠬᠤᠬᠤ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠵᠦ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢ ᠡᠨᠡ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠪᠠ ᠢᠷᠡᠬᠦ ᠵᠢᠯ ᠤᠨ ᠠᠵᠢᠯ ᠤᠨ ᠰᠡᠳᠬᠢᠮᠵᠢ ᠶᠢ ᠨᠠᠪᠲᠠᠷᠡᠭᠦᠯᠵᠦ᠂ ᠢᠯᠠᠩᠭᠤᠶ᠎ᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠤᠷᠢᠳᠴᠢᠯᠠᠨ ᠲᠥᠯᠥᠪᠵᠢᠭᠦᠯᠬᠦ ᠶᠢ ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠰᠤᠳᠤᠯᠤᠨ ᠮᠠᠭᠠᠳᠯᠠᠵᠤ᠂ ᠲᠥᠪ ᠠᠴᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠱᠠᠭᠠᠷᠳᠠᠯᠭ᠎ᠠ ᠶᠢ ᠰᠦᠪᠡᠭᠴᠢᠯᠡᠬᠦ ᠲᠣᠭᠤᠷᠢᠨ ᠳᠤ᠂ ᠰᠠᠶᠢᠬᠠᠨ ᠲᠣᠭᠤᠷᠢᠭ ᠤᠨ ᠪᠣᠳᠠᠲᠠᠢ ᠳᠤ ᠨᠡᠶᠢᠴᠡᠬᠦ ᠥᠭᠡᠷᠡᠴᠢᠯᠡᠯᠲᠡ ᠶᠢᠨ ᠰᠢᠪᠲᠤᠯᠤᠯᠲᠠ ᠶᠢᠨ ᠴᠡᠭ ᠤᠨ ᠠᠴᠢᠶᠠᠯᠠᠪᠤᠷᠢ ᠪᠠ ᠭᠠᠷᠳᠠᠴᠠ ᠶᠢ ᠰᠠᠶᠢᠲᠤᠷ ᠲᠥᠯᠥᠪᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃            ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠰᠤᠷᠤᠭᠴᠢᠳ ᠣᠶᠤᠨ ᠤᠬᠠᠭᠠᠨ ᠪᠠ ᠬᠦᠴᠦᠨ ᠴᠢᠳᠠᠯ ᠢᠶᠠᠨ ᠪᠥᠬᠦᠳᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠤᠨ᠂ ᠰᠠᠶᠢᠬᠠᠨ ᠲᠣᠭᠤᠷᠢᠭ ᠤᠨ ᠪᠣᠳᠠᠲᠠᠢ ᠲᠠᠢ ᠨᠢᠭᠲᠠ ᠤᠶᠠᠯᠳᠤᠭᠤᠯᠵᠤ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠠᠵᠢᠯ ᠤᠨ ᠦᠷᠭᠦᠯᠵᠢᠯᠡᠬᠦ ᠴᠢᠨᠠᠷ ᠢ ᠪᠠᠲᠤᠯᠠᠵᠤ᠂ ᠰᠢᠰᠲ᠋ᠧᠮᠲᠦ ᠰᠡᠳᠬᠢᠬᠦᠢ ᠶᠢ ᠡᠵᠡᠮᠳᠡᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠳᠤ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠦᠬᠦ ᠲᠣᠭᠤᠷᠢᠭ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠬᠠᠮᠲᠤᠪᠠᠷ ᠬᠠᠮᠢᠶᠠᠷᠴᠤ᠂ ᠵᠡᠷᠭᠡᠪᠡᠷ ᠤᠷᠤᠭᠰᠢᠯᠠᠭᠰᠠᠨ ᠥᠭᠡᠷᠡᠴᠢᠯᠡᠯᠲᠡ ᠶᠢᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠥᠭᠡᠷᠡᠴᠢᠯᠡᠯᠲᠡ ᠪᠠᠷ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠵᠤ᠂︽ᠰᠢᠨ᠎ᠡ︾ ᠲᠡᠶᠢᠰᠢ ᠬᠦᠴᠦᠯᠡᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠬᠦ ᠶᠢᠨ ᠲᠣᠭᠤᠷᠢᠨ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠰᠡᠳᠬᠢᠬᠦᠢ ᠶᠢᠨ ᠰᠢᠨ᠎ᠡ ᠶᠢ ᠡᠭᠦᠳᠬᠦ᠂ ᠬᠤᠪᠢᠷᠠᠭᠤᠯᠬᠤ ᠪᠠ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃ ᠴᠢᠫ ᠦᠢᠯᠡᠳᠬᠦ᠂ ᠤᠰᠤᠲᠥ᠋ᠷᠥᠭᠴᠢ ᠡᠨᠧᠷᠭᠢ ᠶᠢᠨ ᠡᠨᠧᠷᠭᠢ ᠬᠠᠳᠠᠭᠠᠯᠠᠬᠤ᠂ ᠵᠣᠬᠢᠶᠠᠮᠠᠯ ᠤᠶᠤᠨ ᠴᠢᠳᠠᠪᠤᠷᠢ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ᠂ ᠳᠣᠬᠢᠭᠤᠷ ᠲᠤᠯᠤᠭᠠᠨ ᠣᠨ ᠤ ᠬᠡᠷᠡᠭᠯᠡᠯᠲᠡ ᠵᠡᠷᠭᠡ ᠬᠦᠷᠢᠶᠡᠨ ᠤ ᠠᠵᠤ ᠦᠢᠯᠡᠰ ᠤᠨ ᠪᠠᠶᠢᠷᠢᠰᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠬᠤ ᠵᠠᠭᠪᠤᠷ ᠢ ᠬᠤᠪᠢᠷᠠᠭᠤᠯᠬᠤ ᠶᠢ ᠴᠢᠨᠠᠭᠰᠢᠳᠠ ᠰᠦᠪᠡᠭᠴᠢᠯᠡᠵᠦ᠂ ᠢᠷᠡᠭᠡᠳᠦᠢ ᠶᠢᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠪᠠᠷ ᠬᠤᠳᠠ ᠬᠥᠳᠡᠭᠡ ᠶᠢᠨ ᠠᠭᠤᠰᠤᠯᠴᠠᠯ ᠢ ᠠᠬᠢᠭᠤᠯᠵᠤ᠂ ᠬᠥᠳᠡᠯᠦᠩᠭᠦᠢ ᠪᠠᠷ ᠰᠢᠨᠡᠳᠬᠡᠬᠦ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ᠂ ᠤᠰᠤ ᠬᠠᠩᠭᠠᠬᠤ ᠪᠠᠲᠤᠯᠠᠭ᠎ᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠬᠤᠳᠠ ᠶᠢᠨ ᠴᠢᠳᠠᠪᠬᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠢ ᠥᠭᠡᠷᠡᠴᠢᠯᠡᠨ ᠰᠠᠶᠢᠵᠢᠷᠠᠭᠤᠯᠵᠤ᠂ ᠮᠠᠨ ᠤ ᠲᠣᠭᠤᠷᠢᠭ ᠤᠨ ᠶᠡᠭᠡ ᠠᠮᠢ ᠠᠬᠤᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠨᠠᠩ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠳᠤᠲᠠᠭᠤᠳᠠᠯ ᠢ ᠥᠭᠡᠷᠡᠴᠢᠯᠡᠨ ᠨᠥᠬᠦᠪᠦᠷᠢᠯᠡᠵᠦ᠂ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠰᠢᠨ᠎ᠡ ᠵᠠᠭᠪᠤᠷ ᠢ ᠬᠡᠷᠡᠭᠵᠢᠭᠦᠯᠬᠦ᠂ ᠨᠡᠶᠢᠭᠡᠮ ᠲᠣᠭᠤᠷᠢᠭ ︵ᠲᠣᠰᠬᠤᠨ︶ ᠤᠨ ᠨᠠᠷᠢᠨ ᠲᠠᠩᠰᠠ ᠶᠢᠨ ᠭᠠᠳᠠᠨᠠᠬᠢ ᠠᠵᠢᠯ ᠤᠨ ᠵᠦᠢᠯᠡᠰ ᠢ ᠵᠥᠪᠰᠢᠶᠡᠷᠡᠨ ᠣᠷᠣᠭᠤᠯᠬᠤ ᠶᠢ ᠬᠢᠨᠠᠨ ᠬᠠᠷᠭᠤᠭᠤᠯᠬᠤ ᠳᠦᠷᠢᠮ ᠢ ᠪᠠᠶᠢᠭᠤᠯᠬᠤ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠵᠦᠢᠯᠡᠰ ᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠰᠢᠪᠲᠤᠯᠤᠯᠲᠠ ᠶᠢᠨ ᠴᠡᠭ ᠪᠣᠯᠭᠠᠵᠤ᠂ ᠨᠡᠶᠢᠭᠡᠮ ᠤᠨ ᠵᠠᠰᠠᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠥᠭᠡᠷᠡᠴᠢᠯᠡᠯᠲᠡ ᠪᠠᠷ ᠨᠠᠮ ᠤᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠦᠷᠭᠦᠯᠵᠢᠯᠡᠨ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠪᠦᠬᠦ  ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠤᠨ ᠥᠭᠡᠷᠡᠴᠢᠯᠡᠯᠲᠡ ᠶᠢ ᠠᠳᠬᠤᠬᠤ᠂ ᠬᠥᠭᠵᠢᠯᠲᠡ ᠶᠢ ᠠᠬᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ᠂ ᠦᠨᠡᠨ ᠪᠣᠳᠠᠲᠠᠢ᠂ ᠬᠠᠲᠠᠭᠤ ᠰᠢᠷᠦᠭᠦᠨ ᠠᠵᠢᠯ ᠤᠨ ᠰᠤᠷᠲᠠᠯ ᠢᠶᠠᠷ ᠥᠭᠡᠷᠡᠴᠢᠯᠡᠯᠲᠡ ᠶᠢ ᠠᠬᠢᠭᠤᠯᠬᠤ ᠠᠷᠭ᠎ᠠ ᠬᠡᠮᠵᠢᠶ᠎ᠡ ᠶᠢ ︽ᠡᠴᠦᠰ ᠤᠨ ᠨᠢᠭᠡ ᠺᠢᠯᠣᠮᠧᠲᠷ︾ ᠲᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠬᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃          ᠲᠣᠰ ᠤᠳᠠᠭᠠᠨ ᠤ ᠡᠭᠡᠯᠵᠢᠯᠡᠨ ᠪᠣᠯᠪᠠᠰᠤᠷᠠᠭᠤᠯᠬᠤ ᠠᠩᠭᠢ ᠶᠢ ᠬᠤᠶᠠᠷ ᠬᠤᠭᠤᠴᠠᠭ᠎ᠠ ᠬᠤᠪᠢᠶᠠᠨ ᠪᠥᠬᠦ ᠲᠣᠭᠤᠷᠢᠭ ᠤᠨ ᠰᠠᠯᠠᠭᠠᠨ ᠤ ᠲᠠᠰ ᠤᠨ ᠺᠠᠳ᠋ᠷ ᠢ ᠡᠭᠡᠯᠵᠢᠯᠡᠨ ᠪᠣᠯᠪᠠᠰᠤᠷᠠᠭᠤᠯᠨ᠎ᠠ᠂ ᠬᠤᠭᠤᠴᠠᠭ᠎ᠠ ᠪᠦᠷᠢ ᠬᠤᠶᠠᠷ ᠡᠳᠦᠷ ᠪᠣᠯᠣᠨ᠎ᠠ᠃ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠬᠤᠭᠤᠴᠠᠭᠠᠨ ᠳᠤ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠯᠢ ᠬᠤᠩ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠤᠤ ᠵᠢᠩ ᠬᠤᠸᠠ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠰᠢᠶᠠᠩ ᠷᠦᠩ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠵᠤ᠂ ᠪᠣᠳᠠᠲᠤ ᠬᠡᠷᠡᠭ ᠤᠨ ᠵᠢᠱᠢᠶ᠎ᠡ᠂ ᠣᠷᠣᠨ ᠨᠤᠲᠤᠭ ᠤᠨ ᠬᠥᠭᠵᠢᠯᠲᠡ ᠲᠠᠢ ᠨᠢᠭᠲᠠ ᠤᠶᠠᠯᠳᠤᠭᠤᠯᠤᠨ ᠰᠤᠳᠤᠯᠤᠨ ᠵᠠᠳᠠᠯᠤᠯᠲᠠ ᠬᠢᠬᠦ ᠶᠢᠨ ᠬᠠᠮᠲᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠭᠤᠭᠴᠤᠭ᠎ᠠ ᠶᠢ ᠲᠣᠬᠢᠷᠠᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠪᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃            ᠲᠣᠭᠤᠷᠢᠭ ᠤᠨ ᠰᠢᠭᠦᠬᠦ ᠬᠤᠷᠢᠶ᠎ᠠ᠂ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯ᠎ᠡ ᠪᠠᠯᠭᠠᠰᠤ᠂ ᠵᠡᠭᠡᠯᠢ ᠭᠤᠳᠤᠮᠵᠢ᠂ ᠲᠣᠭᠤᠷᠢᠭ ᠤᠨ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ᠂ ᠠᠷᠠᠳ ᠤᠨ ᠪᠦᠯᠬᠦᠮ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠡᠰᠡᠭ ᠰᠠᠯᠠᠭᠠᠨ ᠲᠡᠰ ᠤᠨ ᠺᠠᠳ᠋ᠷ ᠡᠭᠡᠯᠵᠢᠯᠡᠨ ᠪᠣᠯᠪᠠᠰᠤᠷᠠᠭᠤᠯᠬᠤ ᠠᠩᠭᠢ ᠳᠤ ᠣᠷᠣᠯᠴᠠᠪᠠ᠃               ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号