| | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠡᠨᠧᠷᠭᠢ ᠶᠢᠨ ᠲᠣᠪᠴᠢᠶ᠎ᠠ ᠬᠤᠯᠪᠤᠭᠠᠯᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠣᠳᠣᠯᠲᠠ ᠶᠢᠨ ᠴᠢᠳᠠᠪᠤᠷᠢ ᠬᠢᠭᠡᠳ ᠴᠠᠬᠢᠯᠭᠠᠨ ᠬᠦᠴᠦ ᠶᠢ ᠬᠠᠮᠵᠢᠯᠴᠠᠭᠤᠯᠬᠤ ᠡᠭᠦᠷᠭᠡ ᠶᠢᠨ | ᠨᠠᠶᠢᠳᠠᠪᠤᠷᠢᠵᠢᠭᠤᠯᠬᠤ ᠲᠥᠰᠥᠯ︾ ᠢ ᠳᠠᠷᠤᠮᠠᠯᠯᠠᠨ ᠲᠠᠷᠬᠠᠭᠠᠪᠠ᠃ ᠪᠥᠬᠦ ᠤᠯᠤᠰ ᠤᠨ ᠪᠣᠳᠣᠯᠲᠠ ᠶᠢᠨ ᠴᠢᠳᠠᠪᠤᠷᠢ | ᠬᠢᠭᠡᠳ ᠴᠠᠬᠢᠯᠭᠠᠨ ᠬᠦᠴᠦ ᠶᠢ ᠬᠠᠮᠵᠢᠯᠴᠠᠨ ᠬᠥᠭᠵᠢᠭᠦᠯᠬᠦ ᠠᠩᠬᠠᠳᠠᠭᠴᠢ ᠲᠥᠰᠥᠯ ᠪᠣᠯᠤᠭᠰᠠᠨ ᠤ ᠬᠤᠪᠢ ᠳᠤ᠂ | ᠨᠡᠶᠢᠲᠡ 5 ᠶᠡᠭᠡ ᠲᠠᠯ᠎ᠠ ᠶᠢᠨ 16 ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢ ᠳᠤᠷᠠᠳᠪᠠ᠂ ᠪᠥᠬᠦ ᠣᠷᠣᠨ ᠤ | ᠦᠢᠯᠡᠴᠢᠯᠡᠭᠦᠷ ᠤᠨ ᠳᠠᠭᠠᠭᠠᠴᠠ᠂ ᠴᠠᠬᠢᠯᠭᠠᠨ ᠬᠡᠷᠡᠭᠯᠡᠬᠦ ᠶᠡᠷᠦᠩᠬᠡᠢ ᠬᠡᠮᠵᠢᠶ᠎ᠡ᠂ ᠴᠠᠬᠢᠯᠭᠠᠨ ᠬᠡᠷᠡᠭᠯᠡᠬᠦ ᠪᠠᠲᠤᠯᠠᠭ᠎ᠠ᠂ | ᠴᠠᠬᠢᠯᠭᠠᠨ ᠬᠡᠷᠡᠭᠯᠡᠬᠦ ᠦᠷ᠎ᠡ ᠪᠦᠲᠦᠮᠵᠢ ᠪᠠ ᠠᠵᠤ ᠠᠬᠤᠢ ᠶᠢᠨ ᠦᠷ᠎ᠡ ᠠᠰᠢᠭ ᠢ ᠭᠦᠢᠴᠡᠳ ᠰᠤᠳᠤᠯᠤᠨ | ᠮᠠᠭᠠᠳᠯᠠᠭᠰᠠᠨ ᠰᠠᠭᠤᠷᠢᠨ ᠳᠡᠭᠡᠷ᠎ᠡ᠂ 2025᠂ 2027᠂ 2030 ᠣᠨ ᠡᠨᠡ ᠭᠤᠷᠪᠠᠨ ᠱᠠᠲᠤ ᠦᠶ᠎ᠡ ᠳᠤ | ᠰᠢᠨ᠎ᠡ ᠪᠠᠷ ᠨᠡᠮᠡᠭᠳᠡᠬᠦ ᠴᠠᠬᠢᠯᠭᠠᠨ ᠬᠦᠴᠦᠨ ᠤ ᠲᠣᠬᠢᠷᠠᠭᠤᠯᠤᠯᠲᠠ ᠶᠢᠨ ᠪᠠᠲᠤᠯᠠᠭ᠎ᠠ ᠶᠢᠨ ᠬᠠᠷᠠᠯᠲᠠ ᠶᠢ ᠲᠣᠭᠲᠠᠭᠠᠵᠤ᠂ | ᠪᠣᠳᠣᠯᠲᠠ ᠶᠢᠨ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠᠨ ᠰᠢᠨ᠎ᠡ ᠡᠨᠧᠷᠭᠢ ᠶᠢᠨ | ᠬᠥᠭᠵᠢᠯᠲᠡ ᠶᠢᠨ ᠲᠥᠯᠦᠪᠵᠢᠭᠦᠯᠭᠡ ᠯᠦᠭᠡ ᠵᠣᠯᠭᠠᠯᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠪᠠᠷ | ᠪᠠᠶᠢᠭᠤᠯᠤᠭᠰᠠᠨ ᠳ᠋ᠠᠶᠢᠲ᠋ᠠ ᠶᠢᠨ ᠲᠥᠪ ᠢ ᠳᠠᠬᠢᠯᠲᠠ ᠡᠨᠧᠷᠭᠢ ᠶᠢᠨ ᠴᠠᠬᠢᠯᠭᠠᠨ ᠭᠠᠷᠭᠠᠬᠤ ᠯᠤᠭ᠎ᠠ ᠬᠠᠮᠵᠢᠯᠴᠠᠨ | ᠪᠠᠶᠢᠷᠢᠰᠢᠭᠤᠯᠬᠤ ᠶᠢ ᠬᠥᠲᠥᠯᠥᠨ ᠵᠢᠯᠤᠭᠤᠳᠴᠤ᠂ ᠪᠣᠳᠣᠯᠲᠠ ᠶᠢᠨ ᠴᠢᠳᠠᠪᠤᠷᠢ ᠬᠢᠭᠡᠳ ᠴᠠᠬᠢᠯᠭᠠᠨ ᠬᠦᠴᠦᠨ ᠤ ᠬᠤᠣᠰ | ᠴᠢᠭᠯᠡᠯ ᠢᠶᠠᠷ ᠬᠠᠮᠵᠢᠯᠴᠠᠨ ᠬᠥᠭᠵᠢᠬᠦ ᠲᠥᠯᠥᠪ ᠪᠠᠶᠢᠳᠠᠯ ᠢ ᠪᠣᠶ ᠪᠣᠯᠭᠠᠨ᠎ᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ | ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ |