ᠮᠠᠨ ᠤ ᠣᠷᠣᠨ 2025 ᠣᠨ ᠳᠤ ᠲᠡᠭᠦᠰᠬᠦ ᠣᠶᠤᠲᠠᠳ ᠲᠤ ᠠᠵᠢᠯ ᠣᠯᠭᠤᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/10/21
     ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2025ᠣᠨ ᠳᠤ ᠲᠡᠭᠦᠰᠬᠦ ᠣᠶᠤᠲᠠᠳ ᠲᠤ ᠠᠵᠢᠯ ᠣᠯᠭᠤᠬᠤ ᠠᠵᠢᠯ ᠢ ᠡᠬᠢᠯᠡᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠠᠵᠢᠯ ᠣᠯᠭᠤᠬᠤ ᠠᠵᠢᠯ ᠤᠨ ᠬᠠᠮᠢᠶᠠᠷᠤᠯᠲᠠ ᠶᠢᠨ ᠺᠠᠳ᠋ᠷ ᠤᠨ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠶᠢ ᠵᠡᠷᠭᠡ ᠪᠠᠷ ᠡᠷᠭᠢᠯᠡᠪᠡ᠃      ᠠᠵᠢᠯ ᠣᠯᠭᠤᠯᠲᠠ ᠶᠢᠨ ᠠᠵᠢᠯ ᠢ ᠪᠠᠶᠢᠷᠢᠯᠠᠭᠤᠯᠬᠤ ᠳᠠᠭᠠᠨ ᠡᠯ᠎ᠡ ᠶᠡᠭᠡ ᠳᠡᠭᠡᠳᠦ ᠰᠤᠷᠭᠠᠭᠤᠯᠢ ᠤᠯᠤᠰ ᠲᠥᠷᠥ ᠶᠢᠨ ᠵᠣᠭᠰᠣᠴᠠ ᠪᠠᠨ ᠥᠨᠳᠥᠷ ᠪᠠᠶᠢᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ  ᠬᠥᠮᠥᠵᠢᠭᠦᠯᠬᠦ ᠵᠢᠴᠢ ᠰᠣᠷᠣᠬᠴᠢ ᠡᠯᠰᠡᠬᠦ ᠠᠵᠢᠯ ᠣᠯᠭᠤᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠬᠦ ᠠᠵᠢᠯ ᠣᠯᠭᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠨᠡᠨ ᠬᠦ ᠰᠠᠶᠢᠲᠤᠷ ᠠᠳᠬᠤᠵᠤ᠂ ᠪᠦᠭᠦ ᠠᠵᠢᠯᠲᠠᠨ ᠤ ᠪᠦᠭᠦ ᠶᠠᠪᠤᠴᠠ ᠳᠤ ᠪᠦᠭᠦ ᠲᠠᠯ᠎ᠠ ᠪᠠᠷ ᠬᠥᠮᠥᠨ ᠬᠥᠮᠥᠵᠢᠭᠦᠯᠬᠦ ᠲᠣᠭᠲᠠᠴᠠ ᠶᠢ ᠭᠦᠨᠵᠡᠭᠡᠶᠢᠷᠡᠭᠦᠯᠵᠦ᠂ ᠠᠵᠢᠯ ᠣᠯᠭᠤᠯᠲᠠ ᠪᠠᠷ ᠬᠥᠮᠥᠨ ᠬᠥᠮᠥᠵᠢᠭᠦᠯᠬᠦ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠲᠡᠭᠦᠰᠬᠦ ᠣᠶᠤᠲᠠᠳ ᠤᠨ ᠠᠵᠢᠯ ᠣᠯᠬᠤ ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃      ᠰᠤᠳᠤᠯᠤᠨ ᠰᠤᠷᠤᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠰᠤᠷᠤᠬᠴᠢᠳ ᠤᠨ ᠦᠢᠯᠡᠴᠢᠯᠡᠭᠡ ᠬᠢᠭᠡᠳ ᠬᠡᠪ ᠴᠢᠨᠠᠷ ᠤᠨ ᠬᠥᠭᠵᠢᠯᠲᠡ ᠶᠢᠨ ᠲᠥᠪ ᠤᠨ ᠳᠡᠳ᠋ ᠡᠷᠭᠢᠯᠡᠭᠴᠢ ᠹᠠᠩ ᠸᠧᠢ ︽ᠢᠵᠢ ᠪᠦᠷᠢᠳᠦᠭᠦᠯᠬᠦ ᠠᠴᠠ ᠪᠦᠲᠦᠭᠡᠨ ᠪᠠᠶᠢᠭᠤᠯᠬᠤ ᠭᠦᠷᠲᠡᠯ᠎ᠡ ︱ᠳᠤᠮᠳᠠᠳᠤ ᠤᠯᠤᠰ ᠤᠨ ᠣᠨᠴᠠᠯᠢᠭ ᠪᠦᠬᠦᠢ ᠠᠮᠢᠳᠤᠷᠠᠬᠤᠢ ᠶᠢᠨ ᠰᠤᠷᠭᠠᠨ ᠬᠥᠮᠦᠵᠢᠯ ᠤᠨ ᠣᠨᠣᠯ ᠤᠨ ᠠᠷᠭ᠎ᠠ ᠶᠢᠨ  ᠰᠤᠳᠤᠯᠤᠯ︾ ᠢᠶᠠᠷ ᠭᠤᠣᠯ ᠰᠡᠳᠦᠪ ᠪᠤᠯᠭᠠᠵᠤ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠪᠡ᠃ ᠤᠯᠤᠰ ᠤᠨ ᠳᠣᠲᠣᠭᠠᠳᠤ ᠶᠢᠨ ᠠᠵᠢᠯ ᠣᠯᠭᠤᠯᠲᠠ ᠶᠢᠨ ᠬᠦᠷᠢᠶᠡᠨ ᠤ ᠲᠤᠰᠬᠠᠢ ᠮᠡᠷᠭᠡᠵᠢᠯᠲᠡᠳ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠣᠷᠣᠬᠴᠢ ᠡᠯᠰᠡᠬᠦ ᠠᠵᠢᠯ ᠣᠯᠭᠤᠬᠤ ᠶᠢ ᠨᠢᠭᠡ ᠴᠣᠭᠴᠠᠵᠢᠭᠤᠯᠤᠭᠰᠠᠨ ᠠᠵᠢᠯ ᠣᠯᠭᠤᠯᠲᠠ ᠶᠢᠨ ᠠᠵᠢᠯ ᠤᠨ ᠰᠢᠨ᠎ᠡ  ᠵᠠᠭᠪᠤᠷ ᠢ ᠪᠠᠶᠢᠭᠤᠯᠬᠤ᠂  ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠰᠢᠨ᠎ᠡ ᠪᠠᠶᠢᠳᠠᠯ ᠳᠣᠣᠷ᠎ᠠ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠤᠬᠠᠭᠤᠯᠭ᠎ᠠ ᠶᠢ ᠬᠡᠷᠬᠢᠨ ᠰᠠᠶᠢᠲᠤᠷ ᠬᠢᠬᠦ᠂ ᠲᠣᠭᠠᠴᠢᠯᠠᠭᠰᠠᠨ ᠠᠵᠤ ᠠᠬᠤᠢ ᠶᠢᠨ ᠴᠠᠭ ᠦᠶ᠎ᠡ ᠶᠢᠨ ᠣᠶᠤᠲᠠᠳ ᠤᠨ ᠠᠵᠢᠯ ᠣᠯᠬᠤ ᠲᠣᠭᠢᠶᠠᠯ ᠪᠠ ᠥᠷᠢᠰᠦᠯᠳᠦᠭᠡᠨ ᠵᠡᠷᠭᠡ  ᠵᠥᠪᠯᠡᠬᠦ ᠰᠡᠳᠦᠪ ᠤᠨ ᠲᠣᠭᠤᠷᠢᠨ ᠳᠤ ᠲᠤᠰᠬᠠᠢ ᠮᠡᠷᠭᠡᠵᠢᠯ ᠤᠨ ᠲᠠᠶᠢᠯᠤᠮᠵᠢ ᠬᠢᠪᠡ᠃ ᠰᠤᠳᠤᠯᠤᠨ ᠰᠤᠷᠤᠯᠴᠠᠬᠤ ᠠᠩᠭᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠪᠠ ᠠᠵᠤ ᠠᠬᠤᠶᠢᠯᠠᠯ ᠤᠨ ᠬᠥᠮᠥᠨ ᠬᠥᠮᠥᠵᠢᠭᠦᠯᠬᠦ ᠶᠠᠷᠢᠶᠠᠨ ᠤ ᠲᠠᠪᠴᠠᠩ ᠢ ᠡᠷᠭᠢᠯᠡᠵᠦ᠂ ᠬᠤᠷᠠᠯ ᠳᠤ ᠣᠷᠣᠯᠴᠠᠬᠰᠠᠨ ᠡᠯ᠎ᠡ ᠲᠠᠯ᠎ᠠ ᠶᠢᠨ ᠬᠢᠨ ᠠᠵᠤ ᠠᠬᠤᠶᠢᠯᠠᠯ ᠤᠨ ᠴᠢᠳᠠᠪᠤᠷᠢᠲᠠᠨ ᠤ ᠬᠡᠷᠡᠭᠴᠡᠭᠡ᠂ ᠰᠤᠷᠭᠠᠭᠤᠯᠢ ᠪᠠ ᠠᠵᠤ ᠠᠬᠤᠶᠢᠯᠠᠯ ᠬᠠᠮᠵᠢᠯᠴᠠᠨ ᠬᠥᠮᠥᠨ ᠬᠥᠮᠥᠵᠢᠭᠦᠯᠬᠦ᠂ ᠰᠣᠷᠣᠬᠴᠢ ᠡᠯᠰᠡᠬᠦ ᠴᠢᠳᠠᠪᠤᠷᠢᠲᠠᠨ ᠬᠥᠮᠥᠵᠢᠭᠦᠯᠬᠦ ᠠᠵᠢᠯ ᠣᠯᠭᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ ᠵᠠᠩᠭᠢᠯᠠᠭ᠎ᠠ ᠶᠢᠨ ᠠᠰᠠᠭᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠵᠠᠰᠠᠭ ᠰᠤᠷᠭᠠᠭᠤᠯᠢ ᠪᠠ ᠠᠵᠤ ᠠᠬᠤᠶᠢᠯᠠᠯ ᠤᠨ ᠨᠢᠭᠲᠠ ᠨᠡᠪᠲᠡᠷᠡᠯᠴᠡᠭᠡ ᠬᠠᠮᠲᠤᠷᠠᠯᠴᠠᠭ᠎ᠠ ᠶᠢ ᠠᠬᠢᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号