ᠨᠠᠮᠤᠷ ᠤᠨ ᠰᠡᠷᠢᠭᠦᠦ ᠳᠤ ᠪᠡᠶ᠎ᠡ ᠰᠤᠪᠢᠯᠠᠬᠤ ᠠᠷᠭ᠎ᠠ
ᠨᠡᠶᠢᠲᠡᠯᠡᠭᠰᠡᠨ ᠴᠠᠭ᠄
2024/10/21
     ᠵᠢᠯ ᠤᠨ ᠳᠥᠷᠪᠡᠨ ᠤᠯᠠᠷᠢᠯ ᠳᠤ ᠨᠠᠮᠤᠷ ᠪᠣᠯ ᠨᠢᠭᠡᠨ ᠲᠤᠶᠢᠯ ᠤᠨ ᠴᠢᠬᠤᠯᠠ ᠪᠡᠶ᠎ᠡ ᠰᠤᠪᠢᠯᠠᠯᠲᠠ ᠶᠢᠨ ᠤᠯᠠᠷᠢᠯ ᠪᠣᠯᠣᠨ᠎ᠠ᠂ ᠤᠴᠢᠷ ᠨᠢ ᠬᠦᠢᠲᠡᠨ ᠰᠢᠭᠦᠳᠡᠷᠢ ᠥᠩᠭᠡᠷᠡᠭᠰᠡᠨ ᠤ ᠳᠠᠷᠠᠭ᠎ᠠ᠂ ᠠᠭᠤᠷ ᠠᠮᠢᠰᠬᠤᠯ ᠰᠡᠷᠢᠭᠦᠬᠡᠨ ᠪᠣᠯᠤᠭᠰᠠᠨ ᠴᠤ᠂ ᠪᠦᠭᠦ ᠪᠡᠶ᠎ᠡ ᠮᠠᠰᠢ ᠠᠮᠠᠷᠬᠠᠨ ᠲᠠᠮᠢᠷ ᠲᠡᠩᠬᠡᠭᠡ ᠦᠭᠡᠢ ᠪᠤᠯᠬᠤ ᠪᠠ ᠵᠠᠯᠬᠠᠭᠤᠷᠠᠬᠤ ᠲᠥᠷᠥᠭᠳᠡᠯ ᠣᠷᠣᠳᠠᠭ ᠶᠤᠮ᠃ ᠬᠡᠷᠪᠡ ᠡᠨᠡ ᠦᠶ᠎ᠡ ᠳᠤ ᠬᠠᠮᠢᠶ᠎ᠠ ᠪᠦᠬᠦᠢ ᠪᠡᠶ᠎ᠡ ᠰᠤᠪᠢᠯᠠᠯᠲᠠ ᠶᠢᠨ ᠠᠵᠢᠯ ᠢ ᠰᠠᠶᠢᠲᠤᠷ ᠬᠢᠵᠦ ᠴᠢᠳᠠᠪᠠᠯ ᠪᠡᠶ᠎ᠡ ᠮᠠᠬᠠᠪᠤᠳ ᠢᠶᠠᠨ ᠰᠠᠶᠢᠬᠠᠨ ᠲᠣᠬᠢᠷᠠᠭᠤᠯᠵᠤ ᠴᠢᠳᠠᠬᠤ ᠪᠠᠷ ᠪᠠᠷᠠᠬᠤ ᠦᠭᠡᠢ ᠪᠠᠰᠠ ᠪᠡᠶ᠎ᠡ ᠮᠠᠬᠠᠪᠤᠳ ᠢᠶᠠᠨ ᠤᠯᠠᠮ ᠴᠢᠭᠢᠷᠠᠭᠵᠢᠭᠤᠯᠵᠤ ᠴᠢᠳᠠᠨ᠎ᠠ᠃      1.ᠢᠳᠡᠭᠡᠨ ᠤᠮᠳᠠᠭᠠᠨ ᠤᠰᠤᠯᠢᠭ ᠰᠢᠮᠡᠯᠢᠭ ᠪᠠᠶᠢᠬᠤ ᠬᠡᠷᠡᠭᠲᠡᠢ      ᠠᠭᠤᠷ ᠠᠮᠢᠰᠬᠤᠯ ᠬᠠᠭᠤᠷᠠᠢ ᠪᠣᠯᠪᠠᠯ ᠠᠭᠤᠰᠬᠢ ᠶᠢ ᠠᠮᠠᠷᠬᠠᠨ ᠭᠡᠮᠲᠦᠭᠡᠵᠦ᠂ ᠪᠡᠶ᠎ᠡ ᠶᠢᠨ ᠰᠢᠩᠭᠡᠨ ᠢ ᠠᠮᠠᠷᠬᠠᠨ ᠬᠤᠷᠣᠭᠳᠠᠭᠤᠯᠵᠤ᠂ ᠪᠡᠶ᠎ᠡ ᠮᠠᠬᠠᠪᠤᠳ ᠬᠠᠳᠠᠵᠤ ᠰᠢᠷᠭᠢᠭᠰᠡᠨ ᠮᠡᠲᠦ ᠪᠤᠯᠳᠠᠭ᠃ ᠡᠶᠢᠮᠦ ᠠᠴᠠ︽ᠨᠠᠮᠤᠷ ᠤᠨ ᠤᠯᠠᠷᠢᠯ ᠳᠤ ᠪᠢᠯᠢᠭ ᠢ ᠲᠡᠵᠢᠭᠡᠬᠦ︾ ᠶᠢ ᠵᠢᠷᠤᠮᠯᠠᠵᠤ᠂ ᠪᠢᠯᠢᠭ ᠢ ᠰᠢᠮᠡᠵᠢᠭᠦᠯᠵᠦ ᠬᠠᠭᠤᠷᠠᠢ ᠶᠢ ᠵᠥᠭᠡᠯᠡᠷᠡᠭᠦᠯᠬᠦ᠂ ᠠᠭᠤᠰᠬᠢ ᠶᠢ ᠰᠢᠮᠡᠵᠢᠭᠦᠯᠬᠦ᠂ ᠬᠠᠯᠠᠭᠤᠨ ᠢ ᠠᠷᠢᠯᠭᠠᠵᠤ ᠬᠠᠯᠠᠭᠤᠨ ᠢ ᠪᠠᠭᠤᠷᠠᠭᠤᠯᠬᠤ ᠢᠳᠡᠰᠢ ᠶᠢ ᠰᠣᠩᠭᠤᠬᠤ ᠬᠡᠷᠡᠭᠲᠡᠢ᠂ ᠵᠢᠱᠢᠶᠡᠯᠡᠪᠡᠯ ᠮᠥᠩᠭᠦᠨ ᠳᠡᠯᠳᠡᠦ᠂ ᠪᠠᠯ᠂ ᠮᠠᠭᠠᠵᠢ᠂ ᠪᠤᠷᠴᠠᠭ ᠤᠨ ᠵᠤᠲᠠᠩ᠂ ᠯᠢᠩᠬᠤ᠎ᠠ ᠶᠢᠨ ᠦᠨᠳᠦᠰᠦ᠂ ᠬᠤᠰᠢᠭ᠎ᠠ᠂ ᠯᠣᠬᠠᠱᠧᠩ᠂ ᠨᠤᠭᠤᠰᠤᠨ ᠥᠨᠳᠡᠭᠡ᠂ ᠥᠷᠭᠡᠰᠦᠲᠦ ᠨᠣᠭᠤᠭ᠎ᠠ᠂ ᠯᠤᠤᠪᠠᠩ᠂ ᠠᠷᠤᠷ᠎ᠠ᠂ ᠠᠯᠢᠮ᠎ᠠ᠂ ᠨᠢᠰᠢᠩᠭᠦ ᠵᠡᠷᠭᠡ᠃      ᠠᠮᠠ ᠬᠠᠲᠠᠬᠤ᠂ ᠤᠮᠳᠠᠭᠠᠰᠬᠤ᠂ ᠬᠤᠭᠤᠯᠠᠢ ᠬᠠᠪᠤᠳᠴᠤ ᠡᠪᠡᠳᠬᠦ ᠵᠡᠷᠭᠡ ᠰᠢᠨᠵᠢ ᠲᠡᠮᠳᠡᠭ ᠢᠯᠡᠷᠡᠬᠦ ᠦᠶ᠎ᠡ ᠳᠤ ᠰᠠᠷᠠᠨ᠎ᠠ᠂ ᠪᠣᠭᠤᠨᠢ ᠰᠠᠷᠠᠨ᠎ᠠ ᠶᠢᠨ ᠦᠨᠳᠦᠰᠦ᠂ ᠴᠢᠨ᠋ᠸ᠎ᠠ ᠶᠢᠨ ᠬᠠᠷᠮᠠᠭ ᠢ ᠤᠰᠤᠨ ᠳᠤ ᠳᠡᠪᠲᠦᠭᠡᠵᠦ ᠤᠤᠭᠤᠵᠤ ᠪᠣᠯᠣᠨ᠎ᠠ᠃ ᠨᠠᠰᠤᠲᠠᠶᠢᠴᠤᠳ ᠤᠨ ᠠᠷᠠᠰᠤ ᠵᠠᠭᠠᠲᠤᠨᠠᠬᠤ ᠨᠢ ᠣᠯᠠᠩᠬᠢ ᠳᠠᠭᠠᠨ ᠬᠡᠢ ᠴᠢᠰᠤ ᠳᠤᠲᠠᠭᠳᠠᠭᠰᠠᠨ ᠠᠴᠠ ᠪᠣᠯᠤᠭᠰᠠᠨ ᠶᠤᠮ᠂ ᠢᠳᠡᠭᠡᠨ ᠤᠮᠳᠠᠭᠠᠨ ᠤ ᠵᠠᠰᠠᠯ ᠳᠡᠭᠡᠷ᠎ᠡ ᠴᠢᠪᠠᠭ᠎ᠠ᠂ ᠴᠢᠨ᠋ᠸ᠎ᠠ ᠶᠢᠨ ᠬᠠᠷᠮᠠᠭ᠂ ᠰᠠᠷᠠᠨ᠎ᠠ᠂ ᠨᠠᠩᠭᠢ ᠴᠠᠭᠠᠨ ᠵᠡᠷᠭᠡ ᠶᠢᠨ ᠬᠡᠢ ᠴᠢᠰᠤ ᠶᠢ ᠨᠥᠬᠦᠬᠦ ᠢᠳᠡᠭᠡᠨ ᠢ ᠵᠣᠬᠢᠰᠲᠠᠢ ᠰᠣᠩᠭᠤᠵᠤ ᠪᠣᠯᠣᠨ᠎ᠠ᠃      ᠠᠯᠢᠮ᠎ᠠ ᠪᠣᠯ ᠨᠠᠮᠤᠷ ᠤᠨ ᠤᠯᠠᠷᠢᠯ ᠳᠤ ᠠᠭᠤᠰᠬᠢ ᠶᠢ ᠵᠥᠭᠡᠯᠡᠯᠡᠬᠦ ᠬᠠᠮᠤᠭ ᠰᠠᠶᠢᠨ ᠵᠢᠮᠢᠰ ᠮᠥᠨ᠃ ᠬᠡᠦᠬᠡᠳ ᠤᠨ ᠬᠤᠳᠣᠭᠤᠳᠤ ᠳᠡᠯᠢᠭᠦᠦ ᠮᠠᠭᠤ᠂ ᠨᠠᠰᠤᠨ ᠳᠤ ᠭᠦᠷᠦᠭᠰᠡᠳ ᠤᠨ ᠪᠡᠶ᠎ᠡ ᠨᠢ ᠬᠦᠢᠲᠡᠨ ᠵᠡᠷᠭᠡ ᠳᠤ  ᠬᠠᠮᠤᠭ ᠰᠠᠶᠢᠨ ᠨᠢ ᠵᠢᠩᠨᠡᠵᠦ ᠢᠳᠡᠨ᠎ᠡ᠂ ᠪᠠᠰᠠ ᠠᠯᠢᠮ᠎ᠠ ᠶᠢᠨ ᠰᠢᠭᠦᠰᠦ ᠴᠢᠨᠠᠵᠤ ᠤᠤᠭᠤᠵᠤ ᠪᠣᠯᠣᠨ᠎ᠠ᠃      2.ᠠᠭᠤᠰᠬᠢ ᠶᠢ ᠲᠡᠵᠢᠭᠡᠬᠦ ᠳᠤ ᠪᠡᠶ᠎ᠡ ᠪᠠᠨ ᠬᠥᠳᠡᠯᠭᠡᠬᠦ ᠬᠡᠷᠡᠭᠲᠡᠢ      ᠤᠯᠠᠷᠢᠯ ᠤᠨ ᠬᠤᠪᠢᠷᠠᠯᠲᠠ ᠳᠤ ᠨᠡᠩ ᠰᠠᠶᠢᠨ ᠵᠣᠬᠢᠴᠠᠬᠤ ᠶᠢᠨ ᠲᠥᠯᠥᠭᠡ᠂ ᠵᠣᠬᠢᠰᠲᠠᠢ ᠪᠣᠯᠪᠠᠰᠤᠷᠠᠵᠤ᠂ ᠠᠭᠤᠰᠬᠢᠨ ᠤ ᠬᠡᠢ ᠶᠢ ᠲᠣᠬᠢᠷᠠᠭᠤᠯᠤᠨ᠂ ᠪᠡᠶ᠎ᠡ ᠮᠠᠬᠠᠪᠤᠳ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠷᠢᠮ ᠬᠦᠴᠢᠯᠲᠥ᠋ᠷᠥᠭᠴᠢᠲᠦ ᠬᠥᠳᠡᠯᠭᠡᠭᠡᠨ ᠢ ᠬᠢᠬᠦ ᠬᠡᠷᠡᠭᠲᠡᠢ᠂ ᠢᠳᠡᠷ ᠵᠠᠯᠠᠭᠤ ᠬᠥᠮᠥᠨ ᠠᠭᠤᠯᠠ ᠠᠪᠠᠷᠢᠬᠤ ᠬᠥᠳᠡᠯᠭᠡᠭᠡᠨ ᠢ ᠰᠣᠩᠭᠤᠵᠤ᠂ ᠠᠭᠤᠰᠬᠢᠨ ᠤ ᠠᠮᠢᠰᠬᠤᠯ ᠤᠨ ᠪᠠᠭᠲᠠᠭᠠᠮᠵᠢ ᠶᠢ ᠨᠡᠮᠡᠭᠳᠡᠭᠦᠯᠦᠨ᠂ ᠴᠢᠰᠤᠨ ᠤ ᠡᠷᠭᠢᠯᠲᠡ ᠶᠢ ᠲᠦᠷᠭᠡᠳᠬᠡᠵᠦ᠂ ᠬᠤᠣᠷᠲᠤ ᠡᠳ᠋ ᠢ ᠭᠠᠳᠠᠭᠰᠢᠯᠠᠭᠤᠯᠬᠤ ᠳᠤ ᠠᠰᠢᠭᠲᠠᠢ ᠪᠣᠯᠭᠠᠨ᠎ᠠ᠃ ᠨᠠᠰᠤᠲᠠᠶᠢᠴᠤᠳ ᠨᠡᠷᠡᠬᠦᠢ ᠨᠢᠳᠤᠷᠭ᠎ᠠ ᠪᠣᠯᠪᠠᠰᠤᠷᠠᠬᠤ ᠨᠢ ᠳᠥᠷᠪᠡᠨ ᠮᠥᠴᠢ ᠶᠢ ᠳᠡᠯᠭᠡᠨ ᠬᠡᠢ ᠴᠢᠰᠤ ᠶᠢ ᠨᠡᠪᠲᠡᠷᠡᠭᠦᠯᠦᠨ᠎ᠡ᠃      ᠬᠢᠲᠠᠳ ᠡᠮᠨᠡᠯᠭᠡ ᠳᠤ ᠨᠠᠮᠤᠷ ᠪᠣᠯ ᠲᠠᠪᠤᠨ ᠮᠠᠬᠠᠪᠤᠳ ᠤᠨ ᠠᠯᠲᠠ ᠳᠤ ᠬᠠᠷᠢᠶᠠᠯᠠᠭᠳᠠᠨ᠎ᠠ᠂ ᠠᠯᠲᠠ ᠨᠢ ᠠᠭᠤᠰᠬᠢ ᠲᠠᠢ ᠵᠣᠬᠢᠴᠠᠨ᠎ᠠ᠂ ᠡᠶᠢᠮᠦ ᠠᠴᠠ ᠠᠭᠤᠰᠬᠢᠨ ᠤ ᠬᠡᠢ ᠪᠠᠭᠤᠷᠠᠢ ᠬᠥᠮᠥᠰ ᠨᠠᠮᠤᠷ ᠤᠨ ᠤᠯᠠᠷᠢᠯ ᠳᠤ ᠠᠮᠠᠷᠬᠠᠨ ᠵᠠᠷᠢᠮ ᠠᠭᠤᠰᠬᠢᠨ ᠰᠢᠰᠲ᠋ᠧᠮ ᠤᠨ ᠡᠪᠡᠳᠴᠢᠨ ᠵᠢᠱᠢᠶᠡᠯᠡᠪᠡᠯ᠂ ᠲᠠᠭᠰᠢᠭᠤᠷ᠂ ᠬᠠᠨᠢᠶᠠᠳᠤ᠂ ᠠᠭᠰᠠᠭ᠎ᠠ ᠵᠡᠷᠭᠡ ᠪᠣᠯᠣᠨ᠎ᠠ᠃ ᠬᠤᠭᠤᠯᠠᠢ ᠬᠠᠪᠤᠳᠴᠤ ᠡᠪᠡᠳᠬᠦ᠂ ᠬᠠᠲᠠᠬᠤ᠂ ᠰᠥᠭᠡᠩᠭᠢᠳᠡᠭᠦ ᠵᠡᠷᠭᠡ ᠡᠪᠡᠳᠴᠢᠨ ᠤ ᠰᠢᠨᠵᠢ ᠢᠯᠡᠷᠡᠵᠦ᠂ ᠬᠡᠷᠪᠡ ᠪᠢᠯᠢᠭ ᠪᠠᠷᠠᠭᠳᠠᠵᠤ ᠠᠭᠤᠰᠬᠢ ᠬᠠᠭᠤᠷᠠᠶᠢᠳᠠᠬᠤ ᠵᠠᠯᠭᠢᠭᠤᠷ ᠲᠥᠪᠥᠩᠬᠡᠢ ᠶᠢᠨ ᠦᠷᠪᠢᠰᠦᠯ ᠳᠤ ᠲᠣᠭᠠᠴᠠᠭᠳᠠᠪᠠᠯ᠂ ᠪᠠᠯ ᠲᠠᠢ ᠯᠢᠩᠬᠤ᠎ᠠ ᠶᠢᠨ ᠰᠢᠭᠦᠰᠦ ᠲᠣᠬᠢᠷᠠᠭᠤᠯᠵᠤ ᠤᠤᠭᠤᠪᠠᠯ ᠰᠠᠶᠢᠨ᠃ ᠪᠠᠯ ᠨᠢ ᠬᠠᠭᠤᠷᠠᠢ ᠶᠢ ᠵᠥᠭᠡᠯᠡᠷᠡᠭᠦᠯᠬᠦ᠂ ᠪᠢᠯᠢᠭ ᠢ ᠰᠢᠮᠡᠵᠢᠭᠦᠯᠵᠦ ᠵᠢᠰᠦ ᠭᠤᠶᠣᠯᠠᠬᠤ᠂ ᠳᠠᠷᠤᠯᠲᠠ ᠶᠢ ᠪᠠᠭᠤᠷᠠᠭᠤᠯᠤᠨ ᠬᠤᠷᠭᠤᠰᠤᠯᠠᠬᠤ ᠶᠢ ᠵᠠᠰᠠᠳᠠᠭ᠂ ᠯᠢᠩᠬᠤ᠎ᠠ ᠶᠢᠨ ᠦᠨᠳᠦᠰᠦ ᠨᠢ ᠬᠠᠷᠢᠨ ᠬᠠᠯᠠᠭᠤᠨ ᠢ ᠠᠷᠢᠯᠭᠠᠵᠤ ᠴᠢᠰᠤ ᠶᠢ ᠰᠡᠷᠢᠭᠦᠴᠡᠭᠦᠯᠬᠦ᠂ ᠰᠡᠳᠬᠢᠯ ᠰᠠᠨᠠᠭ᠎ᠠ ᠶᠢ ᠲᠠᠶᠢᠪᠤᠰᠢᠷᠠᠭᠤᠯᠬᠤ ᠦᠢᠯᠡᠳᠦᠯ ᠲᠠᠢ ᠲᠤᠯᠠ ᠯᠢᠩᠬᠤ᠎ᠠ ᠶᠢᠨ ᠦᠨᠳᠦᠰᠦ 500 ᠭᠷᠡᠮ᠂ ᠵᠥᠭᠡᠢ ᠶᠢᠨ ᠪᠠᠯ 20 ᠭᠷᠡᠮ ᠢ ᠠᠪᠴᠤ᠂ ᠤᠷᠢᠳ ᠢᠶᠠᠷ ᠰᠢᠨ᠎ᠡ ᠰᠣᠷᠭᠤᠭ ᠯᠢᠩᠬᠤ᠎ᠠ ᠶᠢᠨ ᠦᠨᠳᠦᠰᠦ ᠶᠢ ᠤᠬᠢᠶᠠᠵᠤ ᠴᠡᠪᠡᠷᠯᠡᠭᠰᠡᠨ ᠤ ᠳᠠᠷᠠᠭ᠎ᠠ ᠰᠢᠭᠦᠰᠦ ᠪᠣᠯᠭᠠᠨ ᠰᠢᠬᠠᠵᠤ᠂ ᠳᠠᠭᠢᠨ ᠪᠠᠯ ᠬᠢᠵᠦ ᠤᠤᠭᠤᠵᠤ ᠪᠣᠯᠣᠨ᠎ᠠ᠃      3. ᠠᠷᠭ᠎ᠠ ᠶᠢ ᠲᠡᠵᠢᠭᠡᠬᠦ ᠳᠤ ᠳᠤᠯᠠᠭᠠᠨ ᠢ ᠠᠩᠬᠠᠷᠬᠤ ᠬᠡᠷᠡᠭᠲᠡᠢ      ᠠᠮᠤᠷ ᠪᠣᠯᠪᠠᠯ ᠠᠷᠭ᠎ᠠ ᠬᠡᠢ ᠠᠭᠠᠵᠢᠮ ᠢᠶᠠᠷ ᠬᠤᠷᠢᠶᠠᠭᠳᠠᠵᠤ᠂ ᠪᠢᠯᠢᠭ ᠬᠡᠢ ᠠᠭᠠᠵᠢᠮ ᠢᠶᠠᠷ ᠣᠷᠳᠣ ᠪᠤᠯᠳᠠᠭ᠂ ᠭᠠᠭᠴᠠ ᠬᠦ ᠠᠷᠭ᠎ᠠ ᠬᠡᠢ ᠶᠢ ᠭᠦᠢᠴᠡᠳ ᠲᠥᠪᠯᠡᠷᠡᠭᠦᠯᠪᠡᠯ ᠰᠠᠶ᠋ᠢ ᠡᠪᠦᠯ ᠤᠨ ᠬᠦᠢᠲᠡᠨ ᠠᠴᠠ ᠠᠶᠤᠬᠤ ᠦᠭᠡᠢ ᠪᠠᠶᠢᠳᠠᠭ᠃ ᠠᠷᠭ᠎ᠠ ᠬᠡᠢ ᠶᠢ ᠬᠤᠷᠢᠶᠠᠬᠤ ᠳᠤ ᠠᠷᠤ ᠨᠢᠷᠤᠭᠤ ᠶᠢ ᠳᠤᠯᠠᠭᠠᠯᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠤᠨᠲᠠᠬᠤ ᠳᠠᠭᠠᠨ ᠴᠣᠩᠬᠤ ᠪᠠᠨ ᠬᠠᠭᠠᠵᠤ᠂ ᠬᠦᠢᠲᠡᠨ ᠭᠡᠮ ᠳᠤ ᠲᠠᠭᠠᠷᠢᠬᠳᠠᠬᠤ ᠠᠴᠠ ᠰᠡᠷᠭᠡᠶᠢᠯᠡᠬᠦ ᠬᠡᠷᠡᠭᠲᠡᠢ᠃      ᠨᠠᠮᠤᠷ ᠪᠣᠯᠪᠠᠯ ᠬᠤᠳᠣᠭᠤᠳᠤ ᠭᠡᠳᠡᠰᠦᠨ ᠤ ᠠᠵᠢᠯᠯᠠᠭ᠎ᠠ ᠠᠨᠠᠢ ᠬᠥᠮᠥᠰ ᠤᠨ ᠬᠤᠳᠣᠭᠤᠳᠤᠨ ᠬᠦᠴᠢᠯ᠂ ᠬᠤᠳᠣᠭᠤᠳᠤ ᠴᠢᠨᠦᠷᠡᠬᠦ᠂ ᠬᠤᠳᠣᠭᠤᠳᠤ ᠡᠪᠡᠳᠬᠦ ᠨᠢ ᠣᠯᠠᠰᠢᠷᠠᠳᠠᠭ᠃ ᠵᠢᠭᠠᠬᠠᠨ ᠼᠤᠤ ᠲᠠᠢ ᠭᠠ ᠶᠢ ᠳᠡᠪᠲᠦᠭᠡᠵᠦ ᠬᠦᠢᠲᠡᠨ ᠬᠡᠢ ᠶᠢ ᠬᠥᠭᠡᠭᠡᠵᠦ ᠠᠷᠭ᠎ᠠ ᠬᠡᠢ ᠶᠢ ᠳᠡᠭᠡᠭᠰᠢᠯᠡᠭᠦᠯᠦᠨ᠎ᠡ᠂ ᠡᠭᠦᠨ ᠳᠤ ᠰᠢᠨ᠎ᠡ ᠰᠣᠷᠭᠤᠭ ᠲᠦᠭᠦᠬᠡᠢ ᠭᠠ ᠶᠢ ᠬᠡᠰᠡᠭᠯᠡᠨ ᠬᠡᠷᠴᠢᠵᠦ᠂ ᠵᠢᠵᠢᠭ ᠯᠣᠩᠬᠤ ᠣᠯᠵᠤ ᠼᠤᠤ ᠪᠠᠷ ᠳᠡᠪᠲᠦᠭᠡᠭᠡᠳ ᠥᠷᠯᠥᠭᠡ ᠪᠦᠷᠢ ᠥᠯᠥᠨ ᠢᠶᠠᠷ ᠬᠤᠶᠠᠷ ᠭᠤᠷᠪᠠᠨ ᠬᠡᠰᠡᠭ ᠢ ᠢᠳᠡᠨ᠎ᠡ᠃ ᠢᠯᠠᠩᠭᠤᠶ᠎ᠠ ᠢᠰᠬᠦᠯᠡᠩ ᠤᠰᠤ ᠪᠠᠷ ᠪᠥᠭᠡᠯᠵᠢᠬᠦ᠂ ᠰᠠᠭᠤᠯᠭᠠᠬᠤ᠂ ᠬᠥᠯ ᠭᠠᠷ ᠳᠠᠭᠠᠷᠠᠳᠠᠭ ᠬᠥᠮᠥᠰ ᠲᠤ ᠡᠨᠡ ᠠᠷᠭ᠎ᠠ ᠮᠠᠰᠢ ᠲᠤᠰᠠᠲᠠᠢ᠃      ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠶᠢᠨ ᠡᠷᠳᠡᠮᠲᠡᠳ ᠨᠠᠮᠤᠷ ᠤᠨ ᠤᠯᠠᠷᠢᠯ ᠳᠤ ᠥᠷᠯᠥᠭᠡ ᠪᠦᠷᠢ ᠰᠢᠩᠭᠡᠨ ᠪᠤᠳᠠᠭ᠎ᠠ ᠢᠳᠡᠬᠦ ᠶᠢ ᠰᠠᠨᠠᠭᠠᠴᠢᠯᠠᠳᠠᠭ᠂ ᠤᠴᠢᠷ ᠨᠢ ᠨᠠᠮᠤᠷ ᠤᠨ ᠡᠬᠢ ᠪᠠᠷ ᠳᠡᠯᠢᠭᠦᠦ ᠬᠤᠳᠣᠭᠤᠳᠤ ᠬᠤᠭᠤᠰᠤᠷᠠᠵᠤ᠂ ᠡᠪᠡᠳᠴᠢᠨ ᠢ ᠡᠰᠡᠷᠭᠦᠴᠡᠬᠦ ᠴᠢᠳᠠᠪᠤᠷᠢ ᠮᠠᠭᠤᠳᠠᠳᠠᠭ᠃ ᠡᠨᠡ ᠦᠶ᠎ᠡ ᠳᠤ ᠬᠡᠷᠪᠡ ᠪᠦᠯᠢᠶᠡᠨ ᠢᠳᠡᠭᠡᠨ ᠢᠳᠡᠬᠦ᠂ ᠣᠨᠴᠠᠭᠠᠶᠢᠯᠠᠨ ᠬᠠᠯᠠᠭᠤᠨ ᠡᠮᠲᠦ ᠬᠤᠭᠤᠯᠠ ᠢᠳᠡᠪᠡᠯ ᠪᠡᠶ᠎ᠡ ᠳᠤ ᠰᠠᠶᠢᠨ᠂ ᠵᠢᠱᠢᠶᠡᠯᠡᠪᠡᠯ ᠰᠠᠷᠠᠨ᠎ᠠ ᠯᠢᠩᠬᠤ᠎ᠠ ᠶᠢᠨ ᠦᠷ᠎ᠡ ᠲᠠᠢ ᠰᠢᠩᠭᠡᠨ ᠪᠤᠳᠠᠭ᠎ᠠ ᠮᠡᠲᠦ᠃ ᠡᠭᠦᠨ ᠠᠴᠠ ᠭᠠᠳᠠᠨ᠎ᠠ ᠲᠤᠲᠤᠷᠭ᠎ᠠ᠂ ᠰᠢᠯᠦᠬᠡᠢ ᠲᠤᠲᠤᠷᠭ᠎ᠠ  ᠨᠢ ᠪᠦᠷ ᠳᠡᠯᠢᠭᠦᠦ ᠬᠤᠳᠣᠭᠤᠳᠤ ᠶᠢ ᠰᠠᠶᠢᠵᠢᠷᠠᠭᠤᠯᠵᠤ᠂ ᠬᠡᠢ ᠶᠢ ᠨᠥᠬᠦᠬᠦ ᠦᠢᠯᠡᠳᠦᠯ ᠢᠶᠠᠷ ᠮᠠᠰᠢ ᠰᠠᠶᠢᠨ ᠪᠠᠶᠢᠳᠠᠭ᠃      4. ᠬᠡᠢ ᠴᠢᠰᠤ ᠶᠢ ᠨᠥᠬᠦᠬᠦ ᠳᠤ ᠡᠷᠲᠡ ᠤᠨᠲᠠᠬᠤ ᠬᠡᠷᠡᠭᠲᠡᠢ      ︽ᠬᠤᠸᠠᠩᠳᠢ ᠶᠢᠨ ᠳᠣᠲᠣᠷ ᠡᠮᠨᠡᠯᠭᠡ︾ ᠳᠤ ᠡᠷᠲᠡ ᠤᠨᠲᠠᠵᠤ ᠡᠷᠲᠡ ᠪᠤᠰᠬᠤ ᠨᠢ ᠨᠠᠮᠤᠷ ᠤᠨ  ᠤᠯᠠᠷᠢᠯ ᠤᠨ ᠣᠨᠴᠠᠯᠢᠭ ᠲᠤ ᠵᠣᠬᠢᠴᠠᠬᠤ ᠶᠢᠨ ᠲᠥᠯᠥᠭᠡ ᠭᠡᠵᠦ ᠲᠡᠮᠳᠡᠭᠯᠡᠵᠡᠢ᠃ ᠣᠷᠣᠢ ᠶᠢᠨ11 ᠴᠠᠭ ᠠᠴᠠ ᠡᠮᠦᠨ᠎ᠡ ᠤᠨᠲᠠᠵᠤ᠂ ᠥᠷᠯᠥᠭᠡ ᠶᠢᠨ6 ᠴᠠᠭ ᠤᠨ ᠦᠶ᠎ᠡ ᠪᠠᠷ ᠪᠣᠰᠪᠠᠯ ᠨᠡᠯᠢᠶᠡᠳ ᠲᠣᠬᠢᠷᠠᠮᠵᠢᠲᠠᠢ᠃      ᠦᠷᠭᠦᠯᠵᠢ ᠰᠥᠨᠢᠵᠢᠨ ᠠᠵᠢᠯᠯᠠᠳᠠᠭ ᠬᠥᠮᠥᠨ ᠴᠠᠭ ᠲᠤᠬᠠᠢ ᠳᠤᠨᠢ ᠴᠢᠨᠠᠷ ᠰᠠᠶᠢᠲᠠᠢ ᠤᠭᠤᠷᠠᠭ ᠪᠣᠯᠣᠨ ᠸᠢᠲ᠋ᠠᠮᠢᠨ A ᠨᠥᠬᠦᠬᠦ ᠬᠡᠷᠡᠭᠲᠡᠢ᠃ ᠣᠷᠣᠢ ᠤᠨᠲᠠᠬᠤ ᠠᠴᠠ ᠪᠠᠨ ᠡᠮᠦᠨ᠎ᠡ ᠬᠥᠯ ᠢᠶᠠᠨ ᠳᠡᠪᠲᠦᠭᠡᠪᠡᠯ ᠨᠣᠶᠢᠷ ᠬᠤᠯᠵᠢᠬᠤ ᠶᠢ ᠰᠡᠷᠭᠡᠶᠢᠯᠡᠨ᠎ᠡ᠃      ᠡᠭᠦᠨ ᠠᠴᠠ ᠭᠠᠳᠠᠨ᠎ᠠ᠂ ᠥᠪᠡᠷ ᠢ ᠪᠠᠨ ᠲᠣᠬᠢᠷᠠᠭᠤᠯᠬᠤ ᠪᠠᠷ ᠳᠡᠮᠵᠢᠨ ᠬᠡᠢ ᠴᠢᠰᠤ ᠶᠢ ᠨᠥᠬᠦᠵᠦ ᠪᠣᠯᠣᠨ᠎ᠠ᠂ ᠢᠳᠡᠭᠡᠨ ᠤᠮᠳᠠᠭᠠᠨ ᠤ ᠲᠠᠯ᠎ᠠ ᠪᠠᠷ ᠭᠤᠱᠤᠭᠤᠨ᠂ ᠰᠡᠷᠢᠭᠦᠨ᠂ ᠬᠦᠢᠲᠡᠨ ᠢᠳᠡᠭᠡᠨ ᠢ ᠪᠠᠭ᠎ᠠ ᠢᠳᠡᠵᠦ᠂ ᠰᠢᠩᠭᠡᠨ ᠰᠢᠮᠡᠯᠢᠭ ᠢᠳᠡᠭᠡᠨ ᠢᠶᠠᠷ ᠭᠤᠣᠯ ᠪᠣᠯᠭᠠᠨ᠎ᠠ᠃ ᠤᠯᠠᠭᠠᠨ ᠴᠢᠪᠠᠭ᠎ᠠ ᠲᠠᠢ ᠥᠨᠳᠡᠭᠡᠨ ᠱᠥᠯᠥ ᠬᠡᠢ ᠴᠢᠰᠤ ᠶᠢ ᠰᠢᠮᠡᠵᠢᠭᠦᠯᠵᠦ ᠴᠢᠳᠠᠨ᠎ᠠ᠃ ᠰᠦᠨ ᠣᠷᠬᠤᠳᠠᠢ 9 ᠭᠷᠡᠮ᠂ ᠤᠯᠠᠭᠠᠨ ᠴᠢᠪᠠᠭ᠎ᠠ 20 ᠭᠷᠡᠮ᠂ ᠤᠯᠠᠭᠠᠨ ᠪᠤᠷᠴᠠᠭ 20 ᠭᠷᠡᠮ᠂ ᠬᠤᠯᠢᠮ᠎ᠠ ᠶᠢᠨ ᠴᠥᠮ᠎ᠡ 20 ᠭᠷᠡᠮ ᠢ ᠤᠬᠢᠶᠠᠨ ᠴᠡᠪᠡᠷᠯᠡᠭᠡᠳ ᠬᠠᠮᠲᠤ ᠲᠣᠭᠤᠭᠠᠨ ᠳᠠᠭᠠᠨ ᠬᠢᠵᠦ᠂ ᠪᠤᠷᠠᠮ 20 ᠭᠷᠡᠮ᠂ ᠵᠣᠬᠢᠬᠤ ᠬᠡᠮᠵᠢᠶᠡᠨ ᠤ ᠤᠰᠤ ᠨᠡᠮᠡᠵᠦ ᠴᠢᠨᠠᠵᠤ ᠪᠤᠯᠭᠤᠨ᠎ᠠ᠃ ᠡᠨᠡ ᠨᠢ ᠨᠠᠮᠤᠷ ᠤᠨ ᠰᠡᠷᠢᠭᠦᠦ ᠳᠤ ᠪᠡᠶ᠎ᠡ ᠲᠠᠮᠢᠷᠳᠠᠨ ᠰᠤᠯᠠᠷᠠᠬᠤ ᠶᠢ ᠵᠠᠰᠠᠬᠤ ᠳᠤ ᠲᠤᠰᠠᠲᠠᠢ᠃      ︵︽ᠠᠮᠢ ᠨᠠᠰᠤ ᠴᠠᠭ ᠤᠨ ᠰᠣᠨᠢᠨ︾ ᠠᠴᠠ ᠣᠷᠴᠢᠭᠤᠯᠤᠨ ᠨᠠᠶᠢᠷᠠᠭᠤᠯᠪᠠ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号