ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠳᠥᠷᠪᠡᠨ ᠮᠢᠩᠭᠠᠨ ᠮᠧᠲᠷ ᠤᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠨᠢ ︽ᠬᠥᠬᠡᠬᠤᠲᠠ ᠶᠢᠨ ᠪᠠᠲᠤ ᠴᠢᠩᠭ᠎ᠠ ᠪᠠᠬᠢᠯᠡᠯᠲᠡ ᠶᠢᠨ ᠵᠢᠱᠢᠶ᠎ᠡ ᠦᠵᠡᠭᠦᠯᠬᠦ ᠨᠠᠮ ᠤᠨ ᠡᠭᠦᠷ︾ ᠤᠨ ᠢᠷᠠᠭᠤ ᠠᠯᠳᠠᠷ ᠢ ᠬᠦᠷᠲᠡᠪᠡ︕
ᠨᠡᠶᠢᠲᠡᠯᠡᠭᠰᠡᠨ ᠴᠠᠭ᠄
2024/10/22
       ᠪᠠᠲᠤ ᠴᠢᠩᠭ᠎ᠠ ︽ᠵᠢᠱᠢᠶᠡᠴᠢ︾ ᠶᠢᠨ ᠨᠠᠮ ᠤᠨ ᠡᠭᠦᠷ ᠢ ᠡᠭᠦᠳᠦᠨ ᠪᠠᠶᠢᠭᠤᠯᠬᠤ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠱᠠᠲᠤ ᠳᠠᠷᠠᠭᠠᠯᠠᠨ ᠦᠨᠡᠯᠡᠨ ᠵᠢᠱᠢᠵᠦ ᠰᠢᠯᠭᠠᠨ ᠠᠪᠬᠤ᠂ ᠰᠢᠯᠭᠠᠨ ᠦᠨᠡᠯᠡᠬᠦ᠂ ᠰᠢᠯᠢᠳᠡᠭ ᠢ ᠨᠢ ᠰᠣᠩᠭᠤᠨ ᠬᠢᠨᠠᠨ ᠬᠠᠷᠭᠤᠭᠤᠯᠬᠤ ᠪᠠᠷ ᠳᠡᠮᠵᠢᠨ᠂ ᠬᠥᠬᠡᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠶᠢᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠲᠤ ︽ᠬᠥᠬᠡᠬᠤᠲᠠ ᠶᠢᠨ ᠪᠠᠲᠤ ᠴᠢᠩᠭ᠎ᠠ ᠪᠠᠬᠢᠯᠡᠯᠲᠡ︾ ᠶᠢᠨ ᠢᠷᠠᠭᠤ ᠠᠯᠳᠠᠷ ᠤᠨ ᠴᠣᠯᠠ ᠣᠯᠭᠤᠭᠰᠠᠨ ᠪᠥᠭᠡᠳ 10 ᠰᠠᠷ᠎ᠠ ᠶᠢᠨ 18 ᠤ ᠡᠳᠦᠷ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃
   ᠳᠥᠷᠪᠡᠨ ᠮᠢᠩᠭᠠᠨ ᠮᠧᠲᠷ ᠤᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠬᠠᠷᠢᠶᠠᠲᠤ ᠣᠷᠣᠨ ᠤ ᠥᠨᠳᠥᠷ ᠨᠠᠰᠤᠲᠠᠢ ᠨᠠᠰᠤᠲᠠᠶᠢᠴᠤᠳ᠂ ᠰᠠᠭᠤᠷᠢ ᠲᠥᠬᠦᠭᠡᠷᠦᠮᠵᠢ ᠬᠤᠴᠤᠷᠤᠩᠭᠤᠢ᠂ ᠴᠢᠳᠠᠮᠵᠢ ᠶᠢᠨ ᠢᠵᠢ ᠪᠦᠷᠢᠨ ᠪᠤᠰᠤ ᠪᠠᠶᠢᠵᠤ᠂ ᠨᠢᠭᠡᠴᠢ ᠶᠢᠨ ᠳᠦᠷᠢᠮᠲᠦ ᠵᠢᠵᠢᠭ ᠲᠣᠭᠤᠷᠢᠭ ᠤᠨ ᠳᠠᠪᠠᠭᠤᠯᠢᠭ ᠪᠠ ᠨᠥᠬᠦᠷᠰᠡᠭ ᠰᠠᠶᠢᠨ ᠮᠡᠳᠡᠳᠡᠭ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠳᠤ ᠰᠠᠭᠤᠷᠢᠯᠠᠨ᠂ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠨᠢ ᠰᠠᠭᠤᠭᠠᠯᠢ ᠠᠷᠠᠳ ᠢ ᠭᠦᠢᠴᠡᠳ ᠳᠠᠶᠢᠴᠢᠯᠠᠨ ᠨᠡᠶᠢᠭᠡᠮ ᠲᠣᠭᠤᠷᠢᠭ ᠤᠨ ᠵᠠᠰᠠᠯᠲᠠ ᠳᠤ ᠥᠷᠭᠡᠨ ᠢᠶᠠᠷ ᠣᠷᠣᠯᠴᠠᠭᠤᠯᠵᠤ᠂ ︽ᠪᠠᠶᠠᠷ ᠪᠠᠶᠠᠰᠬᠤᠯᠠᠩᠲᠤ ᠳᠥᠷᠪᠡᠨ ᠮᠢᠩᠭᠠᠨ ᠮᠧᠲᠷ ᠢ ᠠᠭᠤᠰᠤᠯᠴᠠᠭᠤᠯᠤᠭᠰᠠᠨ᠂ ᠥᠪᠡᠷᠲᠡᠭᠡᠨ ᠵᠠᠰᠠᠵᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠭᠰᠡᠨ︾ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠡᠭᠦᠳᠦᠨ ᠪᠠᠶᠢᠭᠤᠯᠪᠠ᠃ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠥᠷᠢᠰᠦᠯᠳᠦᠭᠡᠨ᠂ ᠰᠢᠨ᠎ᠡ ᠡᠭᠦᠷᠭᠡ ᠶᠢᠨ ᠡᠮᠦᠨ᠎ᠡ᠂ ᠲᠦᠷᠪᠡᠨ ᠮᠢᠩᠭᠠᠨ ᠮᠧᠲᠷ ᠤᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠵᠢᠯ ᠤᠨ ᠰᠡᠳᠬᠢᠴᠡ ᠪᠣᠯᠣᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠦᠨ᠎ᠡ᠃ ᠤᠯᠠᠨ ᠲᠠᠯ᠎ᠠ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂  ᠪᠦᠷᠢᠯᠳᠦᠭᠦᠨ ᠨᠢᠭᠡᠴᠢ ᠶᠢᠨ ᠬᠦᠴᠦᠨ ᠢ ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠪᠢᠴᠢᠯ ᠪᠣᠳᠠᠲᠤ ᠶᠠᠪᠤᠳᠠᠯ ᠢ ᠬᠠᠮᠲᠤᠪᠠᠷ ᠠᠬᠢᠭᠤᠯᠵᠤ᠂ ᠰᠠᠭᠤᠭᠠᠯᠢ ᠠᠷᠠᠳ ᠤᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ︽ᠤᠯᠠᠨ ᠲᠦᠮᠡᠨ ᠵᠠᠬᠢᠶᠠᠯᠠᠬᠤ᠂ ᠠᠰᠠᠷ ᠤᠨ ᠳᠠᠷᠤᠭ᠎ᠠ ᠬᠠᠭᠤᠳᠠᠰᠤ ᠲᠣᠮᠢᠯᠠᠬᠤ᠂ ᠨᠢᠭᠡᠴᠢ ᠶᠢᠨ ᠳᠠᠷᠤᠭ᠎ᠠ ᠵᠠᠬᠢᠶᠠᠯᠠᠬᠤ᠂ ᠰᠠᠭᠤᠭᠠᠯᠢ ᠠᠷᠠᠳ ᠤᠨ ᠦᠨᠡᠯᠡᠯᠲᠡ ᠶᠢᠨ ᠬᠠᠭᠤᠳᠠᠰᠤ︾ ᠶᠢᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠬᠦᠷᠲᠡᠯ᠎ᠡ᠂ ᠴᠠᠬᠢᠯᠭᠠᠨ ᠬᠥᠳᠡᠯᠭᠡᠭᠦᠷᠲᠦ ᠲᠡᠷᠭᠡ ᠪᠠᠷ ᠴᠠᠬᠢᠯᠭᠠᠨ ᠴᠡᠨᠡᠭᠯᠡᠬᠦ ᠳᠤ ᠬᠦᠴᠢᠷᠲᠡᠢ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠲᠥᠯᠥᠭᠡ ᠠᠵᠢᠯ ᠶᠠᠪᠤᠳᠠᠯ ᠬᠢᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ︔ ᠥᠪᠡᠷᠲᠡᠭᠡᠨ ᠵᠠᠰᠠᠬᠤ ᠠᠮᠢᠵᠢᠷᠠᠯ ᠤᠨ ᠬᠦᠴᠦᠨ ᠢ ᠬᠠᠮᠲᠤ ᠪᠠᠷ ᠡᠳ᠋ᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠨᠠᠮ ᠤᠨ ᠡᠭᠦᠷ ᠢ ᠪᠠᠶᠢᠭᠤᠯᠵᠤ᠂ ᠰᠠᠭᠤᠭᠠᠯᠢ ᠠᠷᠠᠳ ᠤᠨ ᠠᠵᠢᠯᠯᠠᠭᠠᠨ ᠤ ᠲᠥᠪ ᠢ ᠪᠠᠶᠢᠭᠤᠯᠵᠤ᠂ ᠰᠠᠭᠤᠭᠠᠯᠢ ᠠᠷᠠᠳ ᠢ ᠬᠥᠲᠥᠯᠥᠨ ᠳᠠᠭᠠᠭᠤᠯᠵᠤ ᠰᠠᠭᠤᠭᠠᠯᠢ ᠠᠷᠠᠳ ᠤᠨ ᠲᠣᠭᠤᠷᠢᠭ ᠤᠨ ᠬᠡᠷᠡᠭ ᠶᠠᠪᠤᠳᠠᠯ ᠢ ᠬᠠᠤᠯᠢ ᠶᠣᠰᠣᠭᠠᠷ ᠥᠪᠡᠷᠲᠡᠭᠡᠨ ᠵᠠᠰᠠᠬᠤ ᠬᠠᠮᠢᠶᠠᠷᠤᠯᠲᠠ ᠶᠢᠨ ᠡᠩᠨᠡᠭᠡ ᠶᠢ ᠪᠠᠶᠢᠭᠤᠯᠵᠤ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠠᠵᠢᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ ᠁ ᠡᠶᠢᠮᠦᠷᠬᠦ ᠴᠥᠬᠦᠷᠡᠰᠢ ᠦᠭᠡᠢ ᠴᠢᠷᠮᠠᠶᠢᠯᠭ᠎ᠠ ᠪᠠᠷ ᠲᠦᠷᠪᠡᠨ ᠮᠢᠩᠭᠠᠨ ᠮᠧᠲᠷ ᠤᠨ ᠨᠡᠶᠢᠭᠡᠮ ᠲᠣᠭᠤᠷᠢᠭ ᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠡᠳᠬᠢᠯ ᠳᠠᠬᠢ ᠳᠤᠯᠠᠭᠠᠨ ᠭᠠᠷᠠᠮ ᠪᠣᠯᠭᠠᠵᠤ᠂  ᠨᠠᠮ ᠤᠨ ᠲᠤᠭ ᠢ ᠲᠦᠷᠪᠡᠨ ᠮᠢᠩᠭᠠᠨ ᠮᠧᠲᠷ ᠤᠨ ᠨᠡᠶᠢᠭᠡᠮ ᠲᠣᠭᠤᠷᠢᠭ ᠤᠨ ᠣᠭᠲᠠᠷᠭᠤᠢ ᠳᠤ ᠥᠨᠳᠥᠷ ᠨᠠᠮᠢᠷᠠᠭᠤᠯᠵᠠᠢ᠃          ᠲᠦᠷᠪᠡᠨ ᠮᠢᠩᠭᠠᠨ ᠮᠧᠲᠷ ᠤᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠬᠢᠨ ᠦᠷᠭᠦᠯᠵᠢᠯᠡᠨ ᠢᠷᠠᠭᠤ ᠠᠯᠳᠠᠷ ᠢᠶᠠᠨ ᠨᠠᠨᠳᠢᠩᠨᠠᠵᠤ᠂ ᠬᠠᠷᠢᠶ᠎ᠠ ᠣᠷᠣᠨ ᠤ ᠰᠠᠭᠤᠷᠢ ᠲᠥᠬᠦᠭᠡᠷᠦᠮᠵᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠲᠠᠯ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠶᠢ ᠦᠷᠭᠦᠯᠵᠢᠯᠡᠨ ᠠᠬᠢᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠰᠠᠶᠢᠬᠠᠨ ᠲᠣᠭᠤᠷᠢᠭ ᠡᠭᠦᠨ ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠡᠷᠢᠭᠦᠨ ᠤ ᠬᠢ ᠠᠴᠠ ᠰᠤᠷᠤᠯᠴᠠᠬᠤ ᠶᠢ ᠠᠬᠢᠭᠤᠯᠵᠤ᠂ ᠠᠳᠠᠯᠢᠳᠬᠠᠬᠤ ᠰᠤᠷᠤᠯᠴᠠᠬᠤ᠂ ᠳᠠᠪᠠᠵᠤ ᠭᠠᠷᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠳᠥᠷᠪᠡᠨ ᠮᠢᠩᠭᠠᠨ ᠮᠧᠲᠷ ᠤᠨ ᠨᠡᠶᠢᠭᠡᠮ ᠲᠣᠭᠤᠷᠢᠭ ᠡᠶᠢᠮᠦ ᠪᠠᠲᠤ ᠴᠢᠩᠭ᠎ᠠ ᠪᠠᠬᠢᠯᠡᠯᠲᠡ ᠶᠢ ᠪᠣᠶ ᠪᠣᠯᠭᠠᠵᠤ᠂ ᠰᠠᠭᠤᠭᠠᠯᠢ ᠠᠷᠠᠳ ᠲᠤ ᠨᠠᠩ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠬᠤᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号