ᠣᠯᠠᠨ ᠰᠠᠯᠠᠭ᠎ᠠ ᠮᠥᠴᠢᠷ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠬᠤᠯᠪᠣᠭᠳᠠᠬᠤ ᠲᠦᠷᠦ ᠶᠢᠨ ᠪᠣᠳᠣᠯᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2024/10/22
       ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 10 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠠᠢ᠃ ᠠᠭᠤᠯᠭ᠎ᠠ ᠶᠢᠨ ᠭᠤᠣᠯᠳᠠᠯᠭ᠎ᠠ᠄            ᠳᠥᠷᠪᠡ ᠶᠢ ᠬᠦᠴᠦᠨ ᠦᠭᠡᠢ ᠪᠣᠯᠭᠠᠨ᠎ᠠ᠄ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ᠂ ᠣᠷᠣᠨ ᠰᠠᠭᠤᠴᠠ ᠪᠣᠷᠣᠯᠠᠭᠤᠯᠬᠤ ᠶᠢ ᠬᠢᠵᠠᠭᠠᠷᠯᠠᠬᠤ᠂ ᠣᠷᠣᠨ ᠰᠠᠭᠤᠴᠠ ᠶᠢᠨ ᠦᠨ᠎ᠡ ᠶᠢ ᠬᠢᠵᠠᠭᠠᠷᠯᠠᠬᠤ᠂ ᠡᠩ ᠤᠨ ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠨ᠎ᠠ᠃          ᠳᠥᠷᠪᠡ ᠶᠢ ᠪᠠᠭᠤᠷᠠᠭᠤᠯᠤᠨ᠎ᠠ᠄ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠂ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ᠂ ︽ᠬᠠᠭᠤᠴᠢᠨ ᠣᠷᠣᠨ ᠰᠠᠭᠤᠴᠠ ᠢᠶᠠᠨ ᠬᠤᠳᠠᠯᠳᠤᠵᠤ ᠰᠢᠨ᠎ᠡ ᠣᠷᠣᠨ ᠰᠠᠭᠤᠴᠠ ᠬᠤᠳᠠᠯᠳᠤᠨ ᠠᠪᠬᠤ︾ ᠣᠷᠣᠨ ᠰᠠᠭᠤᠴᠠ ᠰᠣᠯᠢᠵᠤ ᠬᠤᠳᠠᠯᠳᠤᠨ ᠠᠪᠬᠤ ᠶᠢᠨ ᠭᠠᠶᠢᠯᠢ ᠰᠦᠢᠳᠬᠡᠯ ᠤᠨ ᠳᠠᠷᠤᠭᠠᠰᠤ ᠶᠢ ᠪᠠᠭᠤᠷᠠᠭᠤᠯᠤᠨ᠎ᠠ᠃            ᠬᠤᠶᠠᠷ ᠢ ᠨᠡᠮᠡᠭᠳᠡᠭᠦᠯᠦᠨ᠎ᠡ᠄ 100 ᠲᠦᠮᠡᠨ ᠢᠵᠢ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠥᠭᠡᠷᠡᠴᠢᠯᠡᠬᠦ᠂ ᠵᠢᠯ ᠤᠨ ᠡᠴᠦᠰ ᠠᠴᠠ ᠡᠮᠦᠨ᠎ᠡ ︽ᠴᠠᠭᠠᠨ ᠨᠡᠷᠡᠰ︾  ᠤᠨ ᠲᠥᠷᠥᠯ ᠵᠦᠢᠯ ᠤᠨ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ 4 ᠲᠦᠮᠡᠨ ᠳ᠋ᠦᠩᠰᠢᠭᠤᠷ ᠲᠥᠭᠦᠷᠢᠭ ᠪᠣᠯᠲᠠᠯ᠎ᠠ ᠨᠡᠮᠡᠭᠳᠡᠭᠦᠯᠦᠨ᠎ᠡ᠃            ᠬᠤᠶᠢᠰᠢᠳᠠ ︽ᠴᠠᠭᠠᠨ ᠨᠡᠷᠡᠰ︾ ᠤᠨ ᠪᠠᠷᠢᠮᠵᠢᠶ᠎ᠠ ᠶᠢᠨ ᠨᠥᠬᠦᠴᠡᠯ ᠳᠤ ᠨᠡᠶᠢᠴᠡᠬᠦ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠴᠥᠮ ︽ᠴᠠᠭᠠᠨ ᠨᠡᠷᠡᠰ︾ ᠤᠨ ᠶᠣᠰᠣᠭᠠᠷ ᠬᠠᠮᠢᠶᠠᠷᠴᠤ᠂ ︽ᠣᠷᠣᠭᠤᠯᠬᠤ ᠶᠣᠰᠣᠲᠠᠢ ᠶᠢ ᠨᠢ ᠴᠥᠮ ᠣᠷᠣᠭᠤᠯᠬᠤ︾ ᠶᠢ ᠪᠡᠶᠡᠯᠡᠭᠦᠯᠬᠦ ᠬᠡᠷᠡᠭᠲᠡᠢ᠃           ᠲᠤᠰᠬᠠᠢ ᠵᠦᠢᠯ ᠤᠨ ᠥᠷᠢ ᠥᠭᠴᠡᠭᠡ ᠶᠢ ᠬᠤᠳᠠᠯᠳᠤᠨ ᠠᠪᠬᠤ ᠳᠤ ᠦᠯᠡᠳᠡᠭᠡᠯ ᠲᠠᠸᠠᠷ ᠤᠨ ᠭᠡᠷ ᠪᠠᠶᠢᠰᠢᠩ ᠢ ᠣᠷᠣᠨ ᠨᠤᠲᠤᠭ ᠡᠵᠡᠨ ᠮᠡᠳᠡᠵᠦ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠠᠶᠢᠨ ᠳᠤᠷ᠎ᠠ ᠠᠴᠠ ᠪᠠᠨ ᠬᠡᠷᠡᠭᠵᠢᠭᠦᠯᠦᠨ᠎ᠡ᠃            ᠵᠢᠱᠢᠯᠲᠡ ᠪᠠᠷ᠂ ᠵᠤᠬᠢᠯᠠᠬᠤ ᠤᠯᠠᠨ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠳᠤ 10 ᠳ᠋ᠤᠭᠠᠷ ᠰᠠᠷ᠎ᠠ ᠶᠢᠨ 25 ᠤ ᠡᠳᠦᠷ ᠪᠥᠭᠡᠮ ᠲᠣᠬᠢᠷᠠᠭᠤᠯᠤᠯᠲᠠ ᠬᠢᠬᠦ ᠪᠠᠷ ᠪᠣᠶ᠃ ᠶᠡᠷᠦᠩᠬᠡᠢ ᠳᠤᠨᠢ 10 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠨ ᠢ ᠪᠡᠶᠡᠯᠡᠭᠦᠯᠦᠨ᠎ᠡ᠃            ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ - ᠳᠥᠷᠪᠡ ᠶᠢ ᠬᠦᠴᠦᠨ ᠦᠭᠡᠢ ᠪᠣᠯᠭᠠᠵᠤ᠂ ᠳᠥᠷᠪᠡ ᠶᠢ ᠪᠠᠭᠤᠷᠠᠭᠤᠯᠵᠤ᠂ ᠬᠤᠶᠠᠷ ᠢ ᠨᠡᠮᠡᠭᠳᠡᠭᠦᠯᠦᠨ᠎ᠡ            ᠳᠥᠷᠪᠡ ᠶᠢ ᠬᠦᠴᠦᠨ ᠦᠭᠡᠢ ᠪᠣᠯᠭᠠᠬᠤ ᠭᠡᠳᠡᠭ ᠨᠢ ᠳᠠᠷᠤᠢ ᠬᠤᠲᠠ   ᠶᠢᠨ ᠵᠠᠰᠠᠭ ᠤᠨ ᠣᠷᠳᠣᠨ ᠳᠤ ᠡᠵᠡᠨ ᠮᠡᠳᠡᠵᠦ ᠲᠣᠬᠢᠷᠠᠭᠤᠯᠤᠨ ᠡᠵᠡᠮᠳᠡᠬᠦ ᠡᠷᠬᠡ ᠶᠢ ᠭᠦᠢᠴᠡᠳ ᠣᠯᠭᠤᠵᠤ᠂ ᠬᠤᠲᠠ ᠶᠢᠨ ᠵᠠᠰᠠᠭ ᠤᠨ ᠣᠷᠳᠣᠨ ᠬᠤᠲᠠ  ᠶᠢᠨ ᠪᠠᠶᠢᠳᠠᠯ ᠢ ᠦᠨᠳᠦᠰᠦᠯᠡᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠭᠡᠷ ᠪᠠᠶᠢᠰᠢᠩ ᠬᠤᠳᠠᠯᠳᠤᠨ ᠠᠪᠬᠤ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠣᠬᠢᠷᠠᠭᠤᠯᠬᠤ ᠪᠤᠶᠤ ᠬᠦᠴᠦᠨ ᠦᠭᠡᠢ ᠪᠣᠯᠭᠠᠬᠤ ᠶᠠᠪᠤᠳᠠᠯ ᠪᠣᠯᠣᠨ᠎ᠠ᠃ ᠡᠭᠦᠨ ᠳᠤ ᠭᠤᠣᠯᠳᠠᠭᠤ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ᠂ ᠣᠷᠣᠨ ᠰᠠᠭᠤᠴᠠ ᠪᠣᠷᠣᠯᠠᠭᠤᠯᠬᠤ ᠶᠢ ᠬᠢᠵᠠᠭᠠᠷᠯᠠᠬᠤ᠂ ᠣᠷᠣᠨ ᠰᠠᠭᠤᠴᠠ ᠶᠢᠨ ᠦᠨ᠎ᠡ ᠶᠢ ᠬᠢᠵᠠᠭᠠᠷᠯᠠᠬᠤ᠂ ᠡᠩ ᠤᠨ ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠬᠦᠴᠦᠨ ᠦᠭᠡᠢ ᠪᠣᠯᠭᠠᠬᠤ ᠵᠡᠷᠭᠡ ᠪᠠᠭᠲᠠᠨ᠎ᠠ᠃            ᠳᠥᠷᠪᠡ ᠶᠢ ᠪᠠᠭᠤᠷᠠᠭᠤᠯᠬᠤ ᠭᠡᠳᠡᠭ ᠨᠢ ᠳᠠᠷᠤᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ᠎ᠠ᠂ ᠣᠯᠠᠨ ᠤ ᠮᠡᠳᠡᠭᠡᠵᠢ ᠪᠠᠷ᠂ 0.25 ᠢᠶᠠᠷ ᠪᠠᠭᠤᠷᠠᠪᠠ︔ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠤᠨ᠎ᠠ᠂ ᠠᠩᠬᠠᠳᠤᠭᠠᠷ ᠢᠵᠢ᠂ ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠬᠠᠷᠢᠴᠠᠯ ᠢ 15% ᠪᠣᠯᠭᠠᠵᠠᠢ︔ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ ︽ᠬᠠᠭᠤᠴᠢᠨ ᠣᠷᠣᠨ ᠰᠠᠭᠤᠴᠠ ᠪᠠᠨ ᠬᠤᠳᠠᠯᠳᠤᠵᠤ ᠰᠢᠨ᠎ᠡ ᠣᠷᠣᠨ ᠰᠠᠭᠤᠴᠠ ᠬᠤᠳᠠᠯᠳᠤᠨ ᠠᠪᠬᠤ︾ ᠣᠷᠣᠨ ᠰᠠᠭᠤᠴᠠ ᠰᠣᠯᠢᠵᠤ ᠬᠤᠳᠠᠯᠳᠤᠨ ᠠᠪᠬᠤ ᠳᠤ ᠭᠠᠶᠢᠯᠢ ᠰᠦᠢᠳᠬᠡᠯ ᠤᠨ ᠳᠠᠷᠤᠭᠠᠰᠤ ᠶᠢ ᠪᠠᠭᠤᠷᠠᠭᠤᠯᠤᠨ᠎ᠠ᠃ ᠡᠲᠡᠭᠡᠷ ᠨᠢᠭᠡᠨᠲᠡ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠣᠷᠣᠨ ᠰᠠᠭᠤᠴᠠ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠵᠤ᠂ ᠵᠢᠭᠡᠯᠡᠯᠭᠡ ᠪᠤᠴᠠᠭᠠᠬᠤ ᠳᠠᠷᠤᠯᠲᠠ ᠶᠢ ᠬᠥᠩᠭᠡᠷᠡᠭᠦᠯᠦᠨ᠂ ᠰᠠᠭᠤᠭᠠᠯᠢ ᠠᠷᠠᠳ ᠤᠨ ᠵᠠᠶᠢᠯᠠᠰᠢ ᠦᠭᠡᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠨ᠎ᠡ᠃            ᠬᠤᠶᠠᠷ ᠢ ᠨᠡᠮᠡᠭᠳᠡᠭᠦᠯᠦᠨ᠎ᠡ᠂ ᠨᠢᠭᠡ ᠳᠤ᠂ ᠵᠤᠭᠤᠰᠵᠢᠭᠤᠯᠤᠨ ᠲᠥᠪᠬᠢᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠨ᠎ᠡ ᠪᠠᠷ 100 ᠲᠦᠮᠡᠨ ᠢᠵᠢ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠵᠠᠰᠠᠬᠤ ᠪᠠ ᠨᠤᠷᠠᠬᠤ ᠠᠶᠤᠯᠲᠠᠢ ᠬᠠᠭᠤᠴᠢᠨ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠶᠢ ᠨᠡᠮᠡᠭᠳᠡᠭᠦᠯᠦᠨ᠎ᠡ᠃ ᠡᠨᠡ ᠤᠳᠠᠭ᠎ᠠ ᠭᠤᠣᠯᠳᠠᠭᠤ ᠵᠤᠭᠤᠰᠵᠢᠭᠤᠯᠤᠨ ᠲᠥᠪᠬᠢᠨᠡᠭᠦᠯᠬᠦ ᠠᠷᠭ᠎ᠠ ᠶᠢ ᠬᠡᠷᠡᠭᠯᠡᠬᠦ ᠨᠢ ᠤᠯᠠᠨ ᠲᠦᠮᠡᠨ ᠤ ᠥᠪᠡᠷ ᠤᠨ ᠬᠦᠰᠡᠯ ᠪᠠ ᠬᠡᠷᠡᠭᠴᠡᠭᠡ ᠪᠠᠨ ᠦᠨᠳᠦᠰᠦᠯᠡᠨ ᠲᠣᠬᠢᠷᠠᠮᠵᠢᠲᠠᠢ ᠭᠡᠷ ᠪᠠᠶᠢᠰᠢᠩ ᠰᠣᠩᠭᠤᠬᠤ ᠳᠤ ᠨᠡᠩ ᠠᠰᠢᠭᠲᠠᠢ ᠶᠤᠮ᠃ ᠬᠤᠶᠠᠷ ᠲᠤ᠂ ᠵᠢᠯ ᠤᠨ ᠡᠴᠦᠰ ᠠᠴᠠ ᠡᠮᠦᠨ᠎ᠡ᠂ ︽ᠴᠠᠭᠠᠨ ᠨᠡᠷᠡᠰ︾ ᠤᠨ ᠲᠦᠷᠦᠯ ᠵᠦᠢᠯ ᠤᠨ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠶᠢ 4 ᠲᠦᠮᠡᠨ ᠳ᠋ᠦᠩᠰᠢᠭᠤᠷ ᠲᠥᠭᠦᠷᠢᠭ ᠪᠣᠯᠲᠠᠯ᠎ᠠ ᠨᠡᠮᠡᠭᠳᠡᠭᠦᠯᠦᠨ᠎ᠡ᠃ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠨᠢ ᠪᠣᠶ ᠪᠦᠬᠦᠢ ᠭᠡᠷ ᠪᠠᠶᠢᠰᠢᠩ ᠭᠠᠵᠠᠷ ᠬᠥᠷᠥᠩᠭᠡ ᠶᠢᠨ ᠬᠢᠷᠢ ᠲᠡᠩᠴᠡᠭᠰᠡᠨ ᠲᠥᠷᠥᠯ ᠵᠦᠢᠯ ᠢ ᠴᠥᠮ ︽ᠴᠠᠭᠠᠨ ᠨᠡᠷᠡᠰ︾ ᠲᠤ ᠣᠷᠣᠭᠤᠯᠬᠤ ᠪᠠᠷ ᠴᠢᠷᠮᠠᠶᠢᠵᠤ᠂ ᠣᠷᠣᠭᠤᠯᠬᠤ ᠶᠣᠰᠣᠲᠠᠢ ᠶᠢ ᠨᠢ ᠴᠥᠮ ᠣᠷᠣᠭᠤᠯᠵᠤ᠂ ᠵᠢᠭᠡᠯᠡᠭᠦᠯᠬᠦ ᠶᠣᠰᠣᠲᠠᠢ ᠳᠤ ᠴᠥᠮ ᠵᠢᠭᠡᠯᠡᠭᠦᠯᠵᠦ᠂ ᠲᠥᠷᠥᠯ ᠵᠦᠢᠯ ᠤᠨ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃            ᠭᠡᠷ ᠪᠠᠶᠢᠰᠢᠩ ᠭᠠᠵᠠᠷ ᠬᠥᠷᠥᠩᠭᠡ ᠶᠢᠨ ︽ᠴᠠᠭᠠᠨ ᠨᠡᠷᠡᠰ︾ ᠤᠨ ᠲᠥᠷᠥᠯ ᠵᠦᠢᠯ ᠤᠨ ᠲᠤᠬᠠᠢ      ︽ᠣᠷᠣᠭᠤᠯᠬᠤ ᠶᠣᠰᠣᠲᠠᠢ ᠶᠢ ᠨᠢ ᠴᠥᠮ ᠣᠷᠣᠭᠤᠯᠤᠨ᠎ᠠ︾ - ᠲᠣᠭᠲᠠᠭᠠᠯ ᠳᠤ ᠨᠡᠶᠢᠴᠡᠬᠦ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠢ ︽ᠴᠠᠭᠠᠨ ᠨᠡᠷᠡᠰ︾ ᠲᠤ ᠣᠷᠣᠭᠤᠯᠤᠨ᠎ᠠ            ᠡᠨᠡ ᠵᠢᠯ ᠤᠨ ᠡᠬᠢᠨ ᠠᠴᠠ ᠨᠠᠰᠢ᠂ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠨᠢ ᠲᠣᠭᠲᠠᠭᠠᠯ ᠳᠤ ᠨᠡᠶᠢᠴᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠢ ᠴᠥᠮ ︽ᠴᠠᠭᠠᠨ ᠨᠡᠷᠡᠰ︾ ᠲᠤ ᠣᠷᠣᠭᠤᠯᠵᠠᠢ᠃ ᠬᠤᠶᠢᠰᠢᠳᠠ ︽ᠴᠠᠭᠠᠨ ᠨᠡᠷᠡᠰ︾ ᠤᠨ ᠪᠠᠷᠢᠮᠵᠢᠶ᠎ᠠ ᠶᠢᠨ ᠨᠥᠬᠦᠴᠡᠯ ᠳᠤ ᠨᠡᠶᠢᠴᠡᠬᠦ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠴᠥᠮ ︽ᠴᠠᠭᠠᠨ ᠨᠡᠷᠡᠰ︾ ᠤᠨ ᠶᠣᠰᠣᠭᠠᠷ ᠬᠠᠮᠢᠶᠠᠷᠴᠤ᠂ ︽ᠣᠷᠣᠭᠤᠯᠬᠤ ᠶᠣᠰᠣᠲᠠᠢ ᠶᠢ ᠨᠢ ᠴᠥᠮ ᠣᠷᠣᠭᠤᠯᠬᠤ︾ ᠬᠡᠷᠡᠭᠲᠡᠢ᠃            ︽ᠵᠢᠭᠡᠯᠡᠭᠦᠯᠬᠦ ᠶᠣᠰᠣᠲᠠᠢ ᠳᠤ ᠪᠦᠬᠦᠨ ᠢ ᠵᠢᠭᠡᠯᠡᠭᠦᠯᠦᠨ᠎ᠡ︾ - ᠪᠠᠩᠬᠢ ᠠᠴᠠ ︽ᠴᠠᠭᠠᠨ ᠨᠡᠷᠡᠰ︾ ᠲᠤ ᠣᠷᠣᠭᠰᠠᠨ ᠲᠦᠷᠦᠯ ᠵᠦᠢᠯ ᠳᠤ ︽ᠵᠢᠭᠡᠯᠡᠭᠦᠯᠬᠦ ᠶᠣᠰᠣᠲᠠᠢ ᠳᠤ ᠪᠦᠬᠦᠨ ᠢ ᠵᠢᠭᠡᠯᠡᠭᠦᠯᠬᠦ︾ ᠶᠢ ᠪᠡᠶᠡᠯᠡᠭᠦᠯᠪᠡᠯ ᠵᠣᠬᠢᠨ᠎ᠠ            ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠨᠢᠭᠡᠨᠲᠡ ᠡᠯ᠎ᠡ ᠪᠠᠩᠬᠢ ᠶᠢ ᠵᠢᠯᠣᠭᠤᠳᠤᠨ ᠤᠳᠤ ᠶᠢᠨ ᠪᠠᠶᠢᠭ᠎ᠠ ᠠᠵᠢᠯ ᠤᠨ ᠲᠤᠰᠬᠠᠢ ᠡᠭᠡᠯᠵᠢ ᠶᠢᠨ ᠲᠣᠭᠲᠠᠴᠠ ᠶᠢᠨ ᠰᠠᠭᠤᠷᠢᠨ ᠳᠡᠭᠡᠷ᠎ᠡ᠂ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠵᠢᠭᠡᠯᠡᠯᠭᠡ ᠲᠠᠯᠪᠢᠬᠤ ᠠᠬᠢᠴᠠ ᠶᠢ ᠲᠦᠷᠦᠯ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠵᠣᠬᠢᠰᠲᠠᠢ ᠪᠠᠷ ᠳᠣᠷᠣᠭᠰᠢ ᠪᠠᠭᠤᠯᠭᠠᠵᠤ᠂ ᠬᠢᠨᠠᠨ ᠵᠥᠪᠰᠢᠶᠡᠷᠡᠬᠦ ᠪᠠ ᠵᠢᠭᠡᠯᠡᠯᠭᠡ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠶᠣᠰᠣᠭᠠᠷ ᠴᠠᠭ ᠲᠤᠬᠠᠢ ᠳᠤᠨᠢ ᠵᠢᠭᠡᠯᠡᠯᠭᠡ ᠲᠠᠯᠪᠢᠨ᠎ᠠ᠃ ᠵᠠᠷᠴᠢᠮ ᠳᠡᠭᠡᠷ᠎ᠡ ᠪᠠᠨ ᠬᠤᠯᠪᠣᠭᠳᠠᠯ ᠪᠦᠬᠦᠢ ᠨᠥᠬᠦᠴᠡᠯ ᠪᠣᠯᠣᠨ ᠱᠠᠭᠠᠷᠳᠠᠯᠭ᠎ᠠ ᠳᠤ ᠬᠤᠪᠢᠷᠠᠯᠲᠠ ᠭᠠᠷᠤᠭᠰᠠᠨ ᠦᠭᠡᠢ ᠪᠣᠯ᠂ ᠪᠠᠩᠬᠢ ᠠᠴᠠ ︽ᠴᠠᠭᠠᠨ ᠨᠡᠷᠡᠰ︾ ᠲᠤ ᠣᠷᠣᠭᠰᠠᠨ ᠲᠦᠷᠦᠯ ᠵᠦᠢᠯ ᠳᠤ ︽ᠵᠢᠭᠡᠯᠡᠭᠦᠯᠬᠦ ᠶᠣᠰᠣᠲᠠᠢ ᠳᠤ ᠪᠦᠬᠦᠨ ᠢ ᠵᠢᠭᠡᠯᠡᠭᠦᠯᠬᠦ︾ ᠶᠢ ᠪᠡᠶᠡᠯᠡᠭᠦᠯᠪᠡᠯ ᠵᠣᠬᠢᠨ᠎ᠠ᠃      ︽ᠬᠡᠳᠦ ᠡᠷᠲᠡ ᠬᠢᠪᠡᠯ ᠬᠡᠳᠦ ᠰᠠᠶᠢᠨ︾ - ᠵᠢᠭᠡᠯᠡᠯᠭᠡ ᠶᠢᠨ ᠪᠡᠯᠡ ᠮᠥᠩᠭᠦ ᠶᠢ ᠰᠢᠯᠵᠢᠭᠦᠯᠦᠨ ᠥᠭᠬᠦ ᠠᠷᠭ᠎ᠠ ᠮᠠᠶ᠋ᠢᠭ ᠢ ᠰᠢᠯᠢᠳᠡᠭᠵᠢᠭᠦᠯᠦᠨ᠎ᠡ ᠬᠤᠳᠠᠯᠳᠤᠭᠠᠨ ᠤ ᠪᠠᠩᠬᠢ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠺᠣᠮᠫᠠᠨᠢ ᠲᠠᠢ ᠵᠣᠬᠢᠴᠠᠯᠳᠤᠨ ᠨᠢᠭᠡᠳᠦᠭᠰᠡᠨ ᠤᠷᠢᠲᠠᠯ ᠳᠣᠣᠷ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠺᠣᠮᠫᠠᠨᠢ ᠶᠢᠨ ᠬᠠᠩᠭᠠᠭᠰᠠᠨ ᠵᠣᠭᠤᠰ ᠬᠡᠷᠡᠭᠯᠡᠬᠦ ᠲᠥᠯᠥᠪᠯᠡᠭᠡ ᠶᠢ ᠦᠨᠳᠦᠰᠦᠯᠡᠨ᠂ ᠪᠥᠬᠦ ᠵᠢᠭᠡᠯᠡᠯᠭᠡ ᠶᠢ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠺᠣᠮᠫᠠᠨᠢ ᠶᠢᠨ ᠪᠠᠶᠢᠭᠤᠯᠤᠭᠰᠠᠨ ᠲᠦᠷᠦᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠩᠰᠠᠨ ᠡᠷᠦᠬᠡ ᠳᠤ ᠤᠷᠢᠳᠴᠢᠯᠠᠨ ᠰᠢᠯᠵᠢᠭᠦᠯᠦᠨ ᠥᠭᠭᠦᠨ᠎ᠡ᠃            ᠵᠢᠱᠢᠯᠲᠡ ᠪᠠᠷ ᠵᠢᠯ ᠤᠨ ᠡᠴᠦᠰ ᠪᠤᠯᠳᠠᠯ᠎ᠠ᠂ ︽ᠴᠠᠭᠠᠨ ᠨᠡᠷᠡᠰ︾ ᠤᠨ ᠲᠦᠷᠦᠯ ᠵᠦᠢᠯ ᠤᠨ ᠵᠢᠭᠡᠯᠡᠯᠭᠡ ᠶᠢ ᠬᠢᠨᠠᠨ ᠵᠥᠪᠰᠢᠶᠡᠷᠡᠵᠦ ᠪᠠᠲᠤᠯᠠᠭᠰᠠᠨ ᠵᠣᠭᠤᠰ ᠤᠨ ᠲᠤᠭ᠎ᠠ 4 ᠲᠦᠮᠡᠨ ᠳ᠋ᠦᠩᠰᠢᠭᠤᠷ ᠲᠥᠭᠦᠷᠢᠭ ᠢ ᠳᠠᠪᠠᠭᠤ ᠪᠣᠯᠣᠨ᠎ᠠ            ᠪᠦᠷᠢᠳᠬᠡᠯ ᠢ ᠦᠨᠳᠦᠰᠦᠯᠡᠪᠡᠯ᠂ 10 ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ᠂ ︽ᠴᠠᠭᠠᠨ ᠨᠡᠷᠡᠰ︾  ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠵᠦ ᠪᠠᠲᠤᠯᠠᠭᠳᠠᠬᠤ ᠵᠢᠭᠡᠯᠡᠯᠭᠡ 2.23 ᠲᠦᠮᠡᠨ ᠳ᠋ᠦᠩᠰᠢᠭᠤᠷ ᠲᠥᠭᠦᠷᠢᠭ ᠲᠤ ᠬᠦᠷᠦᠨ᠎ᠡ᠃ ᠵᠢᠱᠢᠯᠲᠡ ᠪᠠᠷ 2024 ᠣᠨ ᠤ ᠡᠴᠦᠰ ᠪᠤᠯᠳᠠᠯ᠎ᠠ᠂ ︽ᠴᠠᠭᠠᠨ ᠨᠡᠷᠡᠰ︾ ᠤᠨ ᠲᠦᠷᠦᠯ ᠵᠦᠢᠯ ᠤᠨ ᠵᠢᠭᠡᠯᠡᠯᠭᠡ ᠶᠢ ᠬᠢᠨᠠᠨ ᠵᠥᠪᠰᠢᠶᠡᠷᠡᠵᠦ ᠪᠠᠲᠤᠯᠠᠭᠳᠠᠬᠤ ᠵᠣᠭᠤᠰ ᠤᠨ ᠲᠤᠭ᠎ᠠ ᠳᠠᠬᠢᠨ ᠢᠶᠠᠷ ᠨᠡᠮᠡᠭᠳᠡᠵᠦ᠂ 4 ᠲᠦᠮᠡᠨ ᠳ᠋ᠦᠩᠰᠢᠭᠤᠷ ᠲᠥᠭᠦᠷᠢᠭ ᠢ ᠳᠠᠪᠠᠭᠤ ᠪᠣᠯᠣᠨ᠎ᠠ᠃            ᠬᠤᠳᠠ ᠶᠢᠨ ᠳᠤᠮᠳᠠᠬᠢ ᠲᠣᠰᠬᠤᠨ ᠪᠠ ᠬᠤᠳᠠ ᠶᠢᠨ ᠨᠤᠷᠠᠬᠤ ᠠᠶᠤᠯᠲᠠᠢ ᠬᠠᠭᠤᠴᠢᠨ   ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠤᠬᠠᠢ            100 ᠲᠦᠮᠡᠨ ᠢᠵᠢ ᠬᠤᠳᠠ ᠶᠢᠨ ᠳᠤᠮᠳᠠᠬᠢ ᠲᠣᠰᠬᠤᠨ ᠪᠠ ᠬᠤᠳᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠰᠢᠨ᠎ᠡ ᠪᠠᠷ ᠨᠡᠮᠡᠭᠳᠡᠭᠦᠯᠦᠨ ᠬᠡᠷᠡᠭᠵᠢᠭᠦᠯᠦᠨ᠎ᠡ            ᠡᠮᠦᠨᠡᠬᠢ ᠬᠤᠭᠤᠴᠠᠭᠠᠨ ᠤ ᠬᠤᠲᠠᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠵᠠᠰᠠᠭᠰᠠᠨ ᠰᠠᠭᠤᠷᠢᠨ ᠳᠡᠭᠡᠷ᠎ᠡ᠂ ᠳᠠᠬᠢᠭᠠᠳ 100 ᠲᠦᠮᠡᠨ ᠢᠵᠢ ᠰᠢᠨ᠎ᠡ ᠪᠠᠷ ᠨᠡᠮᠡᠭᠳᠡᠭᠦᠯᠬᠦ ᠶᠢᠨ ᠬᠠᠮᠲᠤ ᠵᠤᠭᠤᠰᠵᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃            ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ            ᠨᠢᠭᠡ ᠳᠤ᠂ ᠲᠤᠰᠬᠠᠢ ᠣᠷᠣᠨ ᠤ ᠲᠡᠰ ᠠᠴᠠ ᠳᠡᠭᠡᠭᠰᠢᠬᠢ ᠬᠤᠳᠠ ᠶᠢ ᠭᠤᠣᠯᠳᠠᠯᠭ᠎ᠠ ᠲᠠᠢ ᠲᠡᠮᠵᠢᠨ᠎ᠡ᠃            ᠬᠤᠶᠠᠷ ᠲᠤ᠂ ᠨᠡᠭᠡᠭᠡᠨ ᠬᠥᠭᠵᠢᠭᠦᠯᠬᠦ ᠴᠢᠨᠠᠷᠲᠠᠢ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠲᠤᠰᠬᠠᠢ ᠵᠦᠢᠯ ᠤᠨ ᠵᠢᠭᠡᠯᠡᠯᠭᠡ ᠥᠭᠴᠦ ᠪᠣᠯᠣᠨ᠎ᠠ᠃            ᠭᠤᠷᠪᠠ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠲᠠᠷᠬᠠᠭᠠᠬᠤ ᠶᠢ ᠵᠥᠪᠰᠢᠶᠡᠷᠡᠨ᠎ᠡ᠃          ᠳᠥᠷᠪᠡ ᠳᠤ᠂ ᠭᠠᠶᠢᠯᠢ ᠰᠦᠢᠳᠬᠡᠯ ᠤᠨ ᠬᠠᠷᠠᠭᠠᠯᠵᠠᠯ ᠦᠵᠡᠭᠦᠯᠦᠨ᠎ᠡ᠃            ᠲᠠᠪᠤ ᠳᠤ᠂ ᠬᠤᠳᠠᠯᠳᠤᠭᠠᠨ ᠤ ᠪᠠᠩᠬᠢ ᠠᠴᠠ ᠲᠦᠷᠦᠯ ᠵᠦᠢᠯ ᠤᠨ ᠦᠨᠡᠯᠡᠯᠲᠡ ᠶᠢ ᠦᠨᠳᠦᠰᠦᠯᠡᠨ ᠬᠤᠳᠠᠯᠳᠤᠭᠠᠨ ᠤ ᠵᠢᠭᠡᠯᠡᠯᠭᠡ ᠲᠠᠯᠪᠢᠵᠤ ᠪᠣᠯᠣᠨ᠎ᠠ᠃            ᠡᠯ᠎ᠡ ᠭᠠᠵᠠᠷ ᠤᠨ ᠬᠢᠨ ᠬᠤᠲᠠ ᠶᠢᠨ ᠰᠢᠨᠡᠴᠢᠯᠡᠯᠲᠡ ᠲᠠᠢ ᠤᠶᠠᠯᠳᠤᠭᠤᠯᠤᠨ᠂ ᠨᠥᠬᠦᠴᠡᠯ ᠪᠦᠷᠢᠳᠦᠭᠰᠡᠨ ᠲᠥᠷᠥᠯ ᠵᠦᠢᠯ ᠢ ᠰᠣᠩᠭᠤᠬᠤ ᠳᠤ ᠤᠯᠠᠮ ᠨᠢᠭᠡ ᠠᠯᠬᠤᠮ ᠠᠷᠭ᠎ᠠ ᠰᠦᠪᠡᠭᠴᠢᠯᠡᠵᠦ᠂ ᠤᠷᠢᠳᠴᠢᠯᠠᠨ ᠬᠡᠷᠡᠭᠵᠢᠭᠦᠯᠵᠦ ᠪᠣᠯᠣᠨ᠎ᠠ᠂ ᠵᠦᠪᠬᠡᠨ ᠡᠮᠦᠨᠡᠬᠢ ᠬᠤᠭᠤᠴᠠᠭᠠᠨ ᠤ ᠠᠵᠢᠯ ᠢᠶᠠᠨ ᠰᠠᠶᠢᠨ ᠬᠢᠳᠡᠭ ᠯᠡ ᠶᠤᠮ ᠪᠣᠯ ᠪᠢᠳᠡ 100 ᠲᠦᠮᠡᠨ ᠢᠵᠢ ᠶᠢᠨ ᠰᠠᠭᠤᠷᠢᠨ ᠳᠡᠭᠡᠷ᠎ᠡ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠪᠣᠯᠣᠨ᠎ᠠ᠃            ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠤᠬᠠᠢ            ︽ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠵᠤ︾ ᠣᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠶᠢ ᠪᠠᠲᠤᠯᠠᠨ᠎ᠠ ᠲᠦᠷᠢᠶᠡᠰᠦᠯᠡᠬᠦ ᠠᠷᠭ᠎ᠠ ᠮᠠᠶ᠋ᠢᠭ ᠤᠨ ᠲᠤᠬᠠᠢ᠂ ᠰᠢᠨ᠎ᠡ ᠬᠤᠳᠠ ᠶᠢᠨ ᠠᠷᠠᠳ᠂ ᠵᠠᠯᠠᠭᠤᠴᠤᠳ ᠲᠤ ᠴᠢᠭᠯᠡᠭᠦᠯᠦᠨ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠶᠡᠭᠡ ᠪᠠᠷ ᠬᠥᠭᠵᠢᠭᠦᠯᠵᠦ᠂ ︽ᠨᠢᠭᠡ ᠣᠷᠣ᠂ ᠨᠢᠭᠡ ᠲᠠᠰᠤᠯᠭ᠎ᠠ ᠪᠠᠶᠢᠰᠢᠩ᠂ ᠨᠢᠭᠡ ᠢᠵᠢ ᠭᠡᠷ ᠪᠠᠶᠢᠰᠢᠩ︾ ᠵᠡᠷᠭᠡ ᠠᠷᠭ᠎ᠠ ᠮᠠᠶ᠋ᠢᠭ ᠢᠶᠠᠷ ᠰᠢᠨ᠎ᠡ ᠬᠤᠳᠠ ᠶᠢᠨ ᠠᠷᠠᠳ᠂ ᠵᠠᠯᠠᠭᠤᠴᠤᠳ ᠢ ᠣᠷᠣᠵᠤ ᠢᠷᠡᠵᠤ ᠳᠡᠶᠢᠯᠬᠦ᠂ ᠦᠯᠡᠳᠡᠵᠦ ᠳᠡᠶᠢᠯᠬᠦ᠂ ᠠᠮᠤᠷ ᠲᠠᠶᠢᠪᠤᠩ ᠰᠠᠭᠤᠵᠤ ᠳᠡᠶᠢᠯᠬᠦ᠂ ᠠᠳᠠᠯ ᠦᠢᠯᠡᠰ ᠪᠦᠲᠦᠭᠡᠵᠦ ᠳᠡᠶᠢᠯᠬᠦ ᠪᠣᠯᠭᠠᠨ᠎ᠠ᠃ ᠬᠤᠳᠠ ᠶᠢᠨ ᠣᠷᠣᠯᠭ᠎ᠠ ᠪᠠᠭᠠᠲᠠᠢ ᠪᠥᠭᠡᠳ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠭᠡᠷ ᠪᠦᠯᠢ ᠶᠢ ᠡᠯ᠎ᠡ ᠱᠠᠲᠤᠨ ᠤ ᠵᠠᠰᠠᠭ ᠤᠨ ᠣᠷᠳᠣᠨ ᠴᠥᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠡᠷᠡᠭᠵᠢᠭᠦᠯᠵᠦ ᠪᠠᠲᠤᠯᠠᠨ᠎ᠠ᠂ ᠣᠷᠣᠯᠭ᠎ᠠ ᠪᠠᠭᠠᠲᠠᠢ ᠪᠥᠭᠡᠳ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠭᠡᠷ ᠪᠦᠯᠢ ᠶᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃            ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢᠨ ᠪᠠᠲᠤᠯᠠᠭ᠎ᠠ ᠳᠤ ᠬᠤᠶᠠᠷ ᠵᠦᠢᠯ ᠤᠨ ᠠᠷᠭ᠎ᠠ ᠬᠡᠯᠪᠡᠷᠢ ᠪᠠᠶᠢᠳᠠᠭ᠂ ᠨᠢᠭᠡ ᠵᠦᠢᠯ ᠨᠢ ᠪᠣᠳᠠᠲᠤ ᠭᠡᠷ ᠪᠠᠶᠢᠰᠢᠩ ᠤᠨ ᠲᠦᠷᠢᠶᠡᠰᠦᠯᠡᠯ᠂ ᠨᠦᠭᠦᠭᠡ ᠨᠢᠭᠡ ᠵᠦᠢᠯ ᠨᠢ ᠵᠤᠭᠤᠰᠴᠢᠯᠠᠭᠰᠠᠨ ᠨᠥᠬᠦᠪᠦᠷᠢ ᠣᠯᠭᠤᠬᠤ ᠪᠣᠯᠣᠨ᠎ᠠ᠃          ᠬᠤᠳᠠᠯᠳᠤᠨ ᠠᠪᠬᠤ ᠠᠷᠭ᠎ᠠ  ᠮᠠᠶ᠋ᠢᠭ   ᠨᠢ ᠵᠣᠬᠢᠬᠤ ᠬᠡᠮᠵᠢᠶᠡᠨ ᠤ ᠠᠵᠤ ᠠᠬᠤᠢ ᠶᠢᠨ ᠴᠢᠳᠠᠪᠤᠷᠢ ᠲᠠᠢ᠂ ᠬᠡᠳᠦᠶᠢᠪᠡᠷ ᠲᠦᠷ ᠴᠠᠭ ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠳᠤ ᠬᠦᠴᠢᠷᠲᠡᠢ ᠪᠣᠯᠪᠠᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠬᠤᠳᠠᠯᠳᠤᠨ ᠠᠪᠴᠤ ᠪᠣᠯᠣᠨ᠎ᠠ᠃ ᠡᠭᠦᠨ ᠳᠤ ᠭᠤᠣᠯᠳᠠᠭᠤ ᠬᠡᠷᠡᠭᠴᠡᠭᠡ ᠪᠠᠷ ᠪᠠᠶᠢᠭᠤᠯᠬᠤ᠂ ᠬᠡᠷᠡᠭᠴᠡᠭᠡ ᠪᠠᠷ ᠬᠤᠳᠠᠯᠳᠤᠨ ᠠᠪᠬᠤ ᠶᠢ ᠲᠣᠭᠲᠠᠭᠠᠬᠤ ᠶᠠᠪᠤᠳᠠᠯ ᠪᠣᠯᠣᠨ᠎ᠠ᠃ ᠭᠡᠷ ᠪᠠᠶᠢᠰᠢᠩ ᠤᠨ ᠢᠷᠡᠯᠲᠡ ᠶᠢ ᠴᠤᠭᠯᠠᠭᠤᠯᠬᠤ ᠳᠤ ᠬᠤᠶᠠᠷ ᠵᠦᠢᠯ ᠤᠨ ᠠᠷᠭ᠎ᠠ ᠮᠠᠶ᠋ᠢᠭ ᠬᠤᠪᠢᠶᠠᠳᠠᠭ᠂ ᠨᠢᠭᠡ ᠵᠦᠢᠯ ᠨᠢ ᠰᠢᠨ᠎ᠡ ᠪᠠᠷ ᠪᠠᠶᠢᠭᠤᠯᠬᠤ᠂ ᠨᠦᠭᠦᠭᠡ ᠨᠢᠭᠡ ᠵᠦᠢᠯ ᠨᠢ ᠨᠥᠬᠦᠴᠡᠯ ᠳᠤ ᠨᠡᠶᠢᠴᠡᠬᠦ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠣᠷᠣᠨ ᠰᠠᠭᠤᠴᠠ ᠪᠣᠯᠭᠠᠨ᠎ᠠ᠃            ᠠᠵᠢᠯ ᠤᠨ ᠳᠤᠮᠳᠠ᠂ ᠰᠢᠨ᠎ᠡ ᠪᠠᠶᠢᠳᠠᠯ ᠤᠨ ᠬᠤᠪᠢᠷᠠᠯᠲᠠ ᠶᠢ ᠪᠣᠳᠣᠯᠬᠢᠯᠠᠵᠤ᠂ ᠬᠤᠶᠠᠷ ᠬᠡᠦᠬᠡᠳ ᠵᠢᠴᠢ ᠲᠡᠭᠦᠨ ᠠᠴᠠ ᠳᠡᠭᠡᠭᠰᠢᠬᠢ ᠬᠡᠦᠬᠡᠳ ᠲᠠᠢ ᠭᠡᠷ ᠪᠦᠯᠢ ᠶᠢᠨ ᠬᠡᠷᠡᠭᠴᠡᠭᠡ᠂ ᠱᠠᠭᠠᠷᠳᠠᠯᠭ᠎ᠠ ᠳᠤ ᠵᠣᠬᠢᠴᠠᠭᠤᠯᠵᠤ᠂ ᠣᠷᠣᠨ ᠨᠤᠲᠤᠭ ᠤᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠠᠯᠠᠪᠠᠶ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ ᠪᠣᠯᠣᠨ᠎ᠠ᠃            ᠵᠢᠯ ᠤᠨ ᠡᠴᠦᠰ ᠪᠤᠯᠳᠠᠯ᠎ᠠ᠂ 450 ᠲᠦᠮᠡᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠰᠠᠭᠤᠯᠭᠠᠨ᠎ᠠ            ᠡᠨᠡ ᠵᠢᠯ ᠤᠨ 1- 9 ᠳ᠋ᠦ᠋ᠭᠡᠷ ᠰᠠᠷ᠎ᠠ ᠳᠤ ᠨᠢᠭᠡᠨᠲᠡ 148 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠴᠤᠭᠯᠠᠭᠤᠯᠵᠤ᠂ ᠵᠢᠯ ᠤᠨ ᠡᠴᠦᠰ ᠪᠤᠯᠳᠠᠯ᠎ᠠ 450 ᠲᠦᠮᠡᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠰᠠᠭᠤᠯᠭᠠᠨ᠎ᠠ᠃            ᠡᠯ᠎ᠡ ᠭᠠᠵᠠᠷ ᠤᠨ ᠬᠢᠨ ᠡᠩ ᠲᠡᠷᠢᠭᠦᠨ ᠳᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ︽ᠰᠠᠶᠢᠨ ᠭᠡᠷ ᠪᠠᠶᠢᠰᠢᠩ︾ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ            ᠠᠷᠠᠳ ᠣᠯᠠᠨ ᠣᠷᠣᠨ ᠰᠠᠭᠤᠴᠠ ᠶᠢᠨ ᠴᠢᠳᠠᠮᠵᠢ᠂ ᠶᠠᠰᠤ ᠴᠢᠨᠠᠷ ᠲᠤ ᠴᠥᠮ ᠰᠢᠨ᠎ᠡ ᠬᠦᠰᠡᠯ ᠡᠷᠡᠮᠡᠯᠵᠡᠯ ᠲᠠᠢ ᠪᠣᠯᠵᠠᠢ᠃ ︽ᠰᠠᠶᠢᠨ ᠭᠡᠷ ᠪᠠᠶᠢᠰᠢᠩ︾ ᠨᠢ ᠳᠣᠣᠷᠠᠬᠢ ᠮᠡᠲᠦ ᠳᠥᠷᠪᠡᠨ ᠲᠠᠯ᠎ᠠ ᠶᠢᠨ ᠢᠯᠡᠷᠡᠯ ᠲᠠᠢ᠄ ᠨᠢᠭᠡ ᠳᠤ᠂ ᠪᠣᠬᠢᠷᠲᠤᠯ ᠦᠭᠡᠢ᠂ ᠬᠥᠮᠥᠰ ᠤᠨ ᠣᠷᠣᠰᠢᠨ ᠰᠠᠭᠤᠬᠤ ᠳᠤ ᠡᠷᠡᠭᠦᠯ ᠰᠠᠷᠠᠭᠤᠯ᠂ ᠲᠠᠭᠠᠯᠠᠮᠵᠢᠲᠠᠢ ᠰᠠᠶᠢᠬᠠᠨ  ᠪᠠᠶᠢᠳᠠᠭ︔ ᠬᠤᠶᠠᠷ ᠲᠤ  ᠂ ᠳᠣᠣᠷ᠎ᠠ ᠨᠡᠭᠦᠰᠦᠳᠦᠷᠦᠭᠴᠢᠳᠦ᠂ ᠭᠡᠷ ᠪᠠᠶᠢᠰᠢᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠬᠡᠷᠡᠭᠯᠡᠯᠲᠡ ᠳᠤ ᠵᠣᠭᠤᠰ ᠠᠷᠪᠢᠯᠠᠵᠤ ᠡᠨᠧᠷᠭᠢ ᠠᠷᠪᠢᠯᠠᠨ᠎ᠠ︔ ᠭᠤᠷᠪᠠ ᠳᠤ᠂ ᠣᠶᠤᠨᠴᠢ ᠪᠠᠶᠢᠬᠤ ᠬᠡᠷᠡᠭᠲᠡᠢ᠂ ᠣᠳᠣᠬᠢᠴᠢᠯᠠᠭᠰᠠᠨ ᠮᠡᠷᠭᠡᠵᠢᠯ ᠪᠣᠯᠣᠨ ᠲᠣᠭᠠᠴᠢᠯᠠᠭᠰᠠᠨ ᠠᠷᠭ᠎ᠠ ᠬᠡᠯᠪᠡᠷᠢ ᠪᠠᠷ ᠰᠠᠭᠤᠭᠠᠯᠢ ᠠᠷᠠᠳ ᠲᠤ ᠨᠡᠩ ᠲᠦᠬᠦᠮ ᠦᠵᠡᠭᠦᠯᠦᠨ᠎ᠡ︔ ᠳᠥᠷᠪᠡ ᠳᠤ᠂ ᠠᠮᠤᠷ ᠲᠦᠪᠰᠢᠨ ᠪᠠᠶᠢᠬᠤ ᠬᠡᠷᠡᠭᠲᠡᠢ᠃ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠳᠤ ᠬᠠᠮᠤᠭ ᠤᠨ ᠴᠢᠬᠤᠯᠠ ᠨᠢ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠂ ᠰᠢᠨ᠎ᠡ ᠬᠡᠯᠪᠡᠷᠢ ᠶᠢᠨ ᠪᠦᠲᠦᠭᠡᠨ ᠪᠠᠶᠢᠭᠤᠯᠬᠤ ᠮᠡᠷᠭᠡᠵᠢᠯ ᠵᠢᠴᠢ ᠵᠠᠷᠢᠮ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ᠂ ᠰᠢᠨ᠎ᠡ ᠤᠷᠠᠯᠠᠯ ᠢ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠠᠳᠠᠯᠢ ᠪᠤᠰᠤ ᠲᠠᠯᠠᠪᠠᠶ ᠲᠠᠢ᠂ ᠠᠳᠠᠯᠢ ᠪᠤᠰᠤ ᠦᠨ᠎ᠡ ᠲᠠᠢ ︽ᠰᠠᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃ ᠡᠯ᠎ᠡ ᠭᠠᠵᠠᠷ ᠤᠨ ᠬᠢᠨ ᠡᠩ ᠲᠡᠷᠢᠭᠦᠨ ᠳᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ︽ᠰᠠᠶᠢᠨ ᠭᠡᠷ ᠪᠠᠶᠢᠰᠢᠩ︾ ᠪᠣᠯᠭᠠᠨ ᠪᠦᠲᠦᠭᠡᠨ ᠪᠠᠶᠢᠭᠤᠯᠵᠤ᠂ ᠵᠠᠰᠠᠭ ᠤᠨ ᠣᠷᠳᠣᠨ ᠤ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠢ ᠵᠠᠪᠠᠯ ᠲᠦᠷᠦᠭᠦᠯᠡᠨ ᠬᠢᠬᠦ ᠬᠡᠷᠡᠭᠲᠡᠢ᠃ ᠡᠭᠦᠨ ᠤ ᠬᠠᠮᠲᠤ ᠪᠢᠳᠡ ᠬᠦᠴᠦ ᠲᠥᠪᠯᠡᠷᠡᠭᠦᠯᠦᠨ ᠬᠤᠳᠠ ᠶᠢᠨ ᠰᠢᠨᠡᠴᠢᠯᠡᠯᠲᠡ ᠲᠠᠢ ᠤᠶᠠᠯᠳᠤᠭᠤᠯᠤᠨ᠂ ᠠᠷᠭ᠎ᠠ ᠪᠤᠳᠤᠵᠤ ᠬᠠᠭᠤᠴᠢᠨ ᠭᠡᠷ ᠪᠠᠶᠢᠰᠢᠩ ᠢ ︽ᠰᠠᠶᠢᠨ ᠭᠡᠷ ᠪᠠᠶᠢᠰᠢᠩ︾ ᠪᠣᠯᠭᠠᠨ ᠥᠭᠡᠷᠡᠴᠢᠯᠡᠨ᠎ᠡ᠃            ᠲᠤᠰᠬᠠᠢ ᠵᠦᠢᠯ ᠤᠨ ᠥᠷᠢ ᠥᠭᠴᠡᠭᠡ ᠪᠠᠷ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠳᠤ ᠣᠷᠣᠨ ᠨᠤᠲᠤᠭ ᠤᠨ ᠬᠢᠨ ᠡᠵᠡᠨ ᠮᠡᠳᠡᠵᠦ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠠᠶᠢᠨ ᠳᠤᠷ᠎ᠠ ᠠᠴᠠ ᠪᠠᠨ ᠬᠡᠷᠡᠭᠵᠢᠭᠦᠯᠦᠨ᠎ᠡ          ᠣᠷᠣᠨ ᠨᠤᠲᠤᠭ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠬᠤ ᠶᠢ ᠳᠡᠮᠵᠢᠨ᠎ᠡ᠂ ᠡᠨᠡ ᠬᠦ ᠲᠥᠷᠥ ᠶᠢᠨ ᠪᠣᠳᠣᠯᠭ᠎ᠠ ᠶᠢ ᠭᠤᠣᠯᠳᠠᠭᠤ ᠣᠷᠣᠨ ᠨᠤᠲᠤᠭ ᠤᠨ ᠬᠢᠨ ᠡᠵᠡᠨ ᠮᠡᠳᠡᠵᠦ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠠᠶᠢᠨ ᠳᠤᠷ᠎ᠠ ᠠᠴᠠ ᠪᠠᠨ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠷᠴᠢᠮ ᠢ ᠵᠢᠷᠤᠮᠯᠠᠨ᠂ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠠᠰᠢᠭ ᠣᠯᠵᠠᠪᠤᠷᠢ ᠶᠢ ᠲᠡᠩᠴᠡᠭᠦᠷᠢᠲᠡᠢ ᠪᠠᠶᠢᠯᠭᠠᠬᠤ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠣᠷᠣᠨ ᠨᠤᠲᠤᠭ ᠤᠨ  ᠬᠢᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠣᠬᠢᠷᠠᠭᠤᠯᠤᠨ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠵᠤ ᠪᠣᠯᠣᠨ᠎ᠠ᠃            ᠣᠷᠣᠨ ᠰᠠᠭᠤᠴᠠ ᠶᠢᠨ ᠵᠢᠭᠡᠯᠡᠯᠭᠡ ᠶᠢᠨ ᠲᠤᠬᠠᠢ           ᠵᠢᠱᠢᠯᠲᠡ ᠪᠠᠷ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠳᠤᠮᠳᠠᠴᠢ ᠪᠠᠷ 0.5 % ᠪᠠᠭᠤᠷᠠᠭᠤᠯᠤᠨ᠎ᠠ            ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠪᠣᠯ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠬᠦᠦ ᠮᠥᠩᠭᠦ ᠶᠢᠨ ᠨᠣᠷᠮ᠎ᠠ ᠪᠠ ᠴᠡᠭ ᠨᠡᠮᠡᠭᠰᠡᠨ ᠬᠡᠮᠵᠢᠶ᠎ᠡ ᠪᠠᠷ ᠪᠦᠷᠢᠯᠳᠦᠨ᠎ᠡ᠃ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠪᠡᠯ᠂ ᠴᠡᠭ ᠨᠡᠮᠡᠬᠦ ᠬᠡᠮᠵᠢᠶ᠎ᠡ ᠶᠢ ᠲᠣᠬᠢᠷᠠᠭᠤᠯᠵᠠᠢ᠂ ᠴᠡᠭ ᠨᠡᠮᠡᠬᠦ ᠬᠡᠮᠵᠢᠶ᠎ᠡ ᠨᠢ -30 ᠰᠠᠭᠤᠷᠢ ᠴᠡᠭ ᠠᠴᠠ ᠥᠨᠳᠥᠷ ᠪᠠᠶᠢᠭ᠎ᠠ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢ ᠴᠡᠭ ᠨᠡᠮᠡᠬᠦ ᠬᠡᠮᠵᠢᠶ᠎ᠡ ᠶᠢ -30 ᠰᠠᠭᠤᠷᠢ ᠴᠡᠭ ᠪᠣᠯᠭᠠᠨ ᠨᠢᠭᠡᠳᠦᠯᠲᠡᠢ ᠪᠠᠭᠤᠷᠠᠭᠤᠯᠤᠨ᠎ᠠ᠃            ᠵᠢᠱᠢᠯᠲᠡ ᠪᠠᠷ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠳᠤᠮᠳᠠᠴᠢ ᠪᠠᠷ 0.5 %  ᠣᠷᠴᠢᠮ ᠪᠠᠭᠤᠷᠠᠭᠤᠯᠵᠤ᠂ ᠶᠡᠷᠦᠩᠬᠡᠢ ᠳᠡᠭᠡᠨ ᠬᠦᠦ ᠮᠥᠩᠭᠦ ᠶᠢᠨ ᠵᠠᠷᠤᠯᠭ᠎ᠠ ᠶᠢ 1500 ᠳ᠋ᠦᠩᠰᠢᠭᠤᠷ ᠲᠥᠭᠦᠷᠢᠭ ᠠᠷᠪᠢᠯᠠᠵᠤ᠂ 5000 ᠲᠦᠮᠡᠨ ᠡᠷᠦᠬᠡ ᠭᠡᠷ ᠪᠦᠯᠢ᠂ 1.5 ᠳ᠋ᠦᠩᠰᠢᠭᠤᠷ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠣᠯᠣᠨ᠎ᠠ᠃           ᠵᠢᠱᠢᠯᠲᠡ ᠪᠠᠷ᠂ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠳᠤ 10 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠨ ᠢ ᠲᠣᠬᠢᠷᠠᠭᠤᠯᠵᠤ ᠳᠠᠭᠤᠰᠬᠠᠨ᠎ᠠ            ᠵᠢᠱᠢᠯᠲᠡ ᠪᠠᠷ ᠣᠯᠠᠩᠬᠢ ᠣᠷᠣᠨ ᠰᠠᠭᠤᠴᠠ ᠶᠢᠨ ᠵᠢᠭᠡᠯᠡᠯᠭᠡ ᠳᠤ ᠲᠣᠬᠢᠷᠠᠭᠤᠯᠤᠯᠲᠠ ᠬᠢᠬᠦ ᠶᠢ 10 ᠳ᠋ᠤᠭᠠᠷ ᠰᠠᠷ᠎ᠠ ᠶᠢᠨ 25 ᠤ ᠡᠳᠦᠷ ᠪᠡᠶᠡᠯᠡᠭᠦᠯᠦᠨ᠎ᠡ᠂ ᠡᠨᠡ ᠨᠢ ᠣᠯᠠᠨ ᠢᠶᠠᠷ ᠢᠶᠠᠨ 10 ᠳ᠋ᠤᠭᠠᠷ ᠰᠠᠷ᠎ᠠ ᠶᠢᠨ 26 ᠤ ᠡᠳᠦᠷ ᠳᠠᠷᠤᠢ ᠵᠢᠭᠡᠯᠡᠯᠭᠡ ᠶᠢᠨ ᠪᠠᠩᠬᠢ ᠶᠢᠨ ᠵᠢᠭᠠᠨ ᠲᠣᠭᠲᠠᠭᠠᠭᠰᠠᠨ ᠠᠷᠭ᠎ᠠ ᠵᠠᠮ ᠢᠶᠠᠷ ᠲᠣᠬᠢᠷᠠᠭᠤᠯᠤᠯᠲᠠ ᠬᠢᠭᠰᠡᠨ ᠦᠷ᠎ᠡ ᠳ᠋ᠦᠩ ᠢ ᠪᠠᠶᠢᠴᠠᠭᠠᠨ ᠦᠵᠡᠵᠦ ᠪᠣᠯᠬᠤ ᠶᠢ ᠬᠠᠷᠠᠭᠤᠯᠵᠤ ᠪᠠᠶᠢᠨ᠎ᠠ᠃ ᠬᠡᠰᠡᠭ ᠳᠤᠮᠳᠠ ᠪᠠᠭ᠎ᠠ ᠪᠠᠩᠬᠢ ᠶᠢᠨ ᠲᠣᠬᠢᠷᠠᠭᠤᠯᠤᠯᠲᠠ ᠶᠢ ᠪᠡᠶᠡᠯᠡᠭᠦᠯᠬᠦ ᠴᠠᠭ ᠨᠢ ᠪᠠᠭ᠋ᠠᠨ ᠣᠷᠣᠢ ᠪᠠᠶᠢᠵᠤ ᠮᠡᠳᠡᠨ᠎ᠡ᠂ ᠶᠡᠷᠦᠩᠬᠡᠢ ᠳᠡᠭᠡᠨ 10 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠨ ᠢ ᠪᠡᠶᠡᠯᠡᠭᠦᠯᠬᠦ ᠪᠣᠯᠣᠨ᠎ᠠ᠃            ᠣᠷᠣᠨ ᠰᠠᠭᠤᠴᠠ ᠶᠢᠨ ᠵᠢᠭᠡᠯᠡᠯᠭᠡ ᠨᠢ ᠬᠥᠳᠡᠯᠦᠩᠭᠦᠢ ᠬᠦᠦ ᠮᠥᠩᠭᠦ ᠶᠢᠨ ᠨᠣᠷᠮ᠎ᠠ ᠲᠠᠢ ᠪᠠᠶᠢᠪᠠᠯ᠂ ᠵᠣᠭᠤᠰ ᠵᠢᠭᠡᠯᠡᠭᠴᠢ ᠭᠤᠶᠤᠴᠢᠯᠠᠯ ᠭᠠᠷᠭᠠᠬᠤ ᠬᠡᠷᠡᠭ ᠦᠭᠡᠢ᠂ ᠬᠤᠳᠠᠯᠳᠤᠭᠠᠨ ᠤ ᠪᠠᠩᠬᠢ ᠨᠢᠭᠡᠳᠦᠯᠲᠡᠢ ᠪᠥᠭᠡᠮ ᠢᠶᠠᠷ ᠲᠣᠬᠢᠷᠠᠭᠤᠯᠤᠯᠲᠠ ᠬᠢᠨ᠎ᠡ᠂ ᠡᠨᠡ ᠬᠡᠰᠡᠭ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠨᠢ 9 ᠬᠤᠪᠢ ᠠᠴᠠ ᠳᠡᠭᠡᠭᠰᠢᠬᠢ ᠶᠢ ᠡᠵᠡᠯᠡᠨ᠎ᠡ᠃ ᠣᠷᠣᠨ ᠰᠠᠭᠤᠴᠠ ᠶᠢᠨ ᠵᠢᠭᠡᠯᠡᠯᠭᠡ ᠨᠢ ᠲᠣᠭᠲᠠᠮᠠᠯ ᠬᠦᠦ ᠶᠢᠨ ᠨᠤᠷᠮ᠎ᠠ ᠲᠠᠢ ᠪᠠᠶᠢᠪᠠᠯ᠂ ᠵᠣᠭᠤᠰ ᠵᠢᠭᠡᠯᠡᠭᠴᠢ ᠨᠢ ᠬᠤᠳᠠᠯᠳᠤᠭᠠᠨ ᠤ ᠪᠠᠩᠬᠢ ᠶᠢᠨ ᠰᠦᠯᠵᠢᠶᠡᠨ ᠤ ᠪᠠᠩᠬᠢ᠂ ᠭᠠᠷ ᠤᠲᠠᠰᠤᠨ ᠤ ᠪᠠᠩᠬᠢ ᠪᠠᠷ ᠳᠠᠮᠵᠢᠭᠤᠯᠤᠨ ᠭᠠᠷ ᠭᠦᠢᠴᠡᠳᠬᠡᠯ ᠬᠢᠵᠦ ᠪᠣᠯᠣᠨ᠎ᠠ᠂ ᠪᠠᠩᠬᠢ ᠶᠢᠨ ᠲᠣᠣᠷ ᠴᠡᠭ ᠲᠤ ᠣᠴᠢᠬᠤ ᠴᠢᠬᠤᠯᠠ ᠦᠭᠡᠢ᠃ ᠳᠤᠮᠳᠠ ᠪᠠᠭ᠎ᠠ ᠪᠠᠩᠬᠢ ᠠᠴᠠ ᠣᠷᠣᠨ ᠰᠠᠭᠤᠴᠠ ᠶᠢᠨ ᠵᠢᠭᠡᠯᠡᠯᠭᠡ ᠠᠪᠤᠭᠰᠠᠳ ᠵᠠᠷᠢᠮ ᠳᠤᠮᠳᠠ ᠪᠠᠭ᠎ᠠ ᠪᠠᠩᠬᠢ ᠶᠢᠨ ᠰᠦᠯᠵᠢᠶ᠎ᠡ ᠨᠢ ᠲᠡᠶᠢᠮᠦ ᠪᠦᠷᠢᠨ ᠲᠡᠭᠦᠯᠳᠡᠷ ᠪᠢᠰᠢ ᠪᠣᠯᠬᠤᠷ ᠵᠣᠭᠤᠰ ᠵᠢᠭᠡᠯᠡᠭᠴᠢ ᠪᠠᠩᠬᠢ ᠶᠢᠨ ᠲᠣᠣᠷ ᠴᠡᠭ ᠲᠤ ᠣᠴᠢᠵᠤ ᠭᠠᠷ ᠭᠦᠢᠴᠡᠳᠬᠡᠯ ᠬᠢᠬᠦ ᠴᠢᠬᠤᠯᠠᠲᠠᠢ ᠪᠠᠶᠢᠵᠤ ᠮᠡᠳᠡᠨ᠎ᠡ᠃ ᠪᠣᠳᠠᠲᠠᠢ ᠪᠠᠶᠢᠳᠠᠯ ᠢ ᠵᠢᠭᠡᠯᠡᠯᠭᠡ ᠶᠢᠨ ᠪᠠᠩᠬᠢ ᠶᠢᠨ ᠠᠯᠪᠠᠨ ᠵᠠᠷ ᠢ ᠠᠩᠬᠠᠷᠤᠭᠠᠷᠠᠢ᠃          ᠪᠦᠬᠦ ᠤᠯᠤᠰ ᠤᠨ  ᠵᠣᠩᠬᠢᠯᠠᠬᠤ  ᠣᠯᠠᠨ ᠲᠣᠭᠠᠨ ᠤ ᠬᠤᠲᠠ ᠳᠤ ᠠᠩᠬᠠᠨ ᠤ ᠢᠵᠢ ᠣᠷᠣᠨ ᠰᠠᠭᠤᠴᠠ᠂ ᠬᠤᠶᠠᠳᠤᠭᠠᠷ ᠢᠵᠢ ᠣᠷᠣᠨ ᠰᠠᠭᠤᠴᠠ ᠭᠡᠵᠦ ᠬᠤᠪᠢᠶᠠᠬᠤ ᠦᠭᠡᠢ ᠪᠣᠯᠵᠠᠢ            ᠣᠳᠣᠬᠠᠨ ᠳᠤ᠂ ᠪᠡᠭᠡᠵᠢᠩ᠂ ᠱᠠᠩᠬᠠᠢ᠂ ᠱᠧᠨᠵᠧᠨ ᠵᠡᠷᠭᠡ ᠭᠤᠷᠪᠠᠨ ᠨᠢᠭᠡᠳᠦᠭᠡᠷ ᠳᠡᠰ ᠤᠨ ᠬᠤᠲᠠ ᠳᠤ ᠪᠡᠶ᠎ᠡ ᠪᠠᠨ ᠳᠠᠭᠠᠭᠠᠵᠤ ᠵᠦᠷᠢᠶᠡᠴᠢᠯᠡᠭᠰᠡᠨ ᠲᠣᠬᠢᠷᠠᠭᠤᠯᠤᠯᠲᠠ ᠬᠢᠬᠦ ᠠᠴᠠ ᠭᠠᠳᠠᠨ᠎ᠠ᠂ ᠪᠥᠬᠦ ᠤᠯᠤᠰ ᠤᠨ ᠵᠣᠩᠬᠢᠯᠠᠬᠤ ᠣᠯᠠᠨ ᠲᠣᠭᠠᠨ ᠤ ᠬᠤᠲᠠ ᠳᠤ ᠠᠩᠬᠠᠨ ᠤ ᠢᠵᠢ᠂ ᠬᠤᠶᠠᠳᠤᠭᠠᠷ ᠢᠵᠢ ᠣᠷᠣᠨ ᠰᠠᠭᠤᠴᠠ ᠭᠡᠵᠦ ᠬᠤᠪᠢᠶᠠᠬᠤ ᠦᠭᠡᠢ ᠪᠣᠯᠵᠤ᠂ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠨᠢᠭᠡᠳᠦᠯᠲᠡᠢ 15% ᠪᠠᠷ ᠲᠣᠬᠢᠷᠠᠭᠤᠯᠪᠠ᠃            ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠲᠤᠬᠠᠢ            ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ  ᠠᠵᠢᠯ ᠢ ᠡᠯ᠎ᠡ ᠭᠠᠵᠠᠷ ᠤᠨ ᠬᠢᠨ ᠲᠦᠯᠬᠢᠨ ᠠᠬᠢᠭᠤᠯᠵᠤ᠂ ᠨᠢᠭᠡᠨᠲᠡ 246 ᠲᠦᠮᠡᠨ ᠢᠵᠢ ᠲᠤᠰᠢᠶᠠᠵᠠᠢ          ᠬᠡᠪ ᠤᠨ ᠡᠵᠡᠩᠨᠡᠯᠲᠡ ᠶᠢᠨ ᠲᠦᠷᠦᠯ ᠵᠦᠢᠯ ᠢ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠢᠶᠠᠷ ᠬᠦᠴᠦᠯᠡᠨ ᠠᠬᠢᠭᠤᠯᠤᠨ᠎ᠠ︔ ᠬᠥᠷᠥᠩᠭᠡ ᠨᠢ ᠥᠷᠢ ᠪᠠᠨ ᠲᠥᠯᠥᠵᠦ ᠳᠡᠶᠢᠯᠬᠦ ᠦᠭᠡᠢ ᠲᠦᠷᠦᠯ ᠵᠦᠢᠯ ᠳᠤ ᠬᠠᠤᠯᠢᠵᠢᠭᠤᠯᠬᠤ᠂ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠳᠠᠮᠫᠤᠷᠠᠯ ᠢ ᠲᠠᠬᠢᠨ ᠴᠡᠭᠴᠡᠯᠡᠬᠦ ᠪᠤᠶᠤ ᠢᠯᠭᠠᠷᠠᠭᠤᠯᠤᠨ ᠪᠤᠳᠤᠬᠤ ᠶᠢ ᠲᠦᠷᠭᠡᠳᠬᠡᠵᠦ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ᠃ ᠬᠠᠤᠯᠢ ᠲᠣᠭᠲᠠᠭᠠᠯ ᠢ ᠵᠥᠷᠢᠴᠡᠭᠰᠡᠨ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠶᠢ ᠡᠷᠡᠰ ᠢᠶᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠂ ᠲᠡᠳᠡᠨ ᠢ ᠶᠠᠭᠠᠬᠢᠭᠰᠠᠨ ᠴᠤ ︽ᠬᠠᠤᠯᠢ ᠠᠴᠠ ᠮᠤᠯᠲᠤᠷᠠᠭᠤᠯᠵᠤ︾᠂ ᠬᠠᠭᠤᠷᠴᠤ ᠮᠡᠬᠡᠯᠡᠵᠦ  ᠰᠢᠢᠳᠬᠡᠯ ᠠᠴᠠ ᠥᠩᠭᠡᠷᠡᠭᠡᠵᠦ ᠪᠣᠯᠬᠤ ᠦᠭᠡᠢ᠃             ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠪᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠲᠠᠢ ᠬᠠᠮᠲᠤᠷᠠᠨ᠂ ᠢᠲᠡᠭᠡᠮᠵᠢᠲᠦ ᠵᠢᠭᠡᠯᠡᠯᠭᠡ᠂ ᠭᠠᠵᠠᠷ ᠰᠢᠷᠣᠢ᠂ ᠬᠠᠤᠯᠢ ᠴᠠᠭᠠᠵᠠ ᠵᠡᠷᠭᠡ ᠠᠷᠭ᠎ᠠ ᠬᠡᠮᠵᠢᠶ᠎ᠡ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠤᠰᠢᠶᠠᠨ ᠥᠭᠬᠦ ᠬᠠᠷᠠᠯᠲᠠ ᠲᠠᠢ ᠨᠢᠭᠲᠠ ᠤᠶᠠᠯᠳᠤᠭᠤᠯᠤᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠴᠢᠩᠭ᠎ᠠ ᠠᠳᠬᠤᠨ᠎ᠠ᠃            ᠨᠢᠭᠡ ᠳᠤ᠂ ᠠᠬᠢᠴᠠ ᠶᠢ ᠠᠳᠬᠤᠨ᠎ᠠ᠃ ᠪᠥᠬᠦ ᠤᠯᠤᠰ ᠤᠨ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠭᠤᠯᠤᠨ᠂ ᠲᠤᠰᠢᠶᠠᠨ ᠥᠭᠬᠦ ᠡᠭᠦᠷᠭᠡ ᠨᠢᠭᠡᠪᠦᠷᠢ ᠶᠢ ᠴᠥᠮ ᠳᠡᠩᠰᠡᠯᠡᠨ ᠺᠠᠷᠲᠯᠠᠵᠤ᠂ ᠲᠤᠰᠢᠶᠠᠨ ᠥᠭᠬᠦ ᠪᠠ ᠳ᠋ᠤᠭᠠᠷ ᠢ ᠨᠢ ᠬᠦᠴᠦᠨ ᠦᠭᠡᠢ ᠪᠣᠯᠭᠠᠬᠤ ᠶᠢ ᠭᠦᠢᠴᠡᠳᠬᠡᠨ᠎ᠡ᠃            ᠬᠤᠶᠠᠷ ᠲᠤ᠂ ᠶᠠᠰᠤ ᠴᠢᠨᠠᠷ ᠢ ᠠᠳᠬᠤᠨ᠎ᠠ᠃ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠲᠥᠷᠥᠯ ᠵᠦᠢᠯ ᠳᠤ ᠭᠡᠷ ᠪᠠᠶᠢᠰᠢᠩ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠤ᠂ ᠭᠡᠷ ᠪᠠᠶᠢᠰᠢᠩ ᠢ ᠪᠠᠶᠢᠭᠤᠯᠵᠤ ᠳᠠᠭᠤᠰᠬᠠᠬᠤ ᠪᠠᠷ ᠪᠠᠷᠠᠬᠤ ᠦᠭᠡᠢ ᠭᠡᠷ ᠪᠠᠶᠢᠰᠢᠩ ᠢ ᠰᠠᠶᠢᠲᠤᠷ ᠪᠠᠶᠢᠭᠤᠯᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠭᠡᠷ ᠪᠠᠶᠢᠰᠢᠩ ᠢ ᠭᠡᠷ ᠪᠠᠶᠢᠰᠢᠩ ᠬᠤᠳᠠᠯᠳᠤᠨ ᠠᠪᠤᠭᠴᠢ ᠳᠤ ᠲᠤᠰᠢᠶᠠᠬᠤ ᠬᠡᠷᠡᠭᠲᠡᠢ᠃            ᠭᠤᠷᠪᠠ ᠳᠤ᠂ ᠵᠣᠬᠢᠴᠠᠭᠤᠯᠬᠤ ᠶᠢ ᠠᠳᠬᠤᠨ᠎ᠠ᠃ ᠤᠯᠤᠰ᠂ ᠮᠤᠵᠢ᠂ ᠬᠤᠲᠠ ᠭᠤᠷᠪᠠᠨ ᠱᠠᠲᠤᠨ ᠤ ᠲᠤᠰᠬᠠᠢ ᠠᠩᠭᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠠᠶᠢᠲᠤᠷ ᠬᠡᠷᠡᠭᠯᠡᠵᠦ᠂ ᠲᠥᠷᠥᠯ ᠵᠦᠢᠯ ᠤᠨ ᠣᠷᠣᠨ ᠪᠦᠰᠡ ᠠᠯᠤᠰᠯᠠᠭᠰᠠᠨ ᠪᠡᠯᠡ ᠮᠥᠩᠭᠦ ᠲᠠᠲᠠᠵᠤ ᠳᠤᠲᠠᠭᠠᠬᠤ᠂ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠲᠠᠯ᠎ᠠ ᠶᠢᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃            ᠣᠳᠣᠬᠠᠨ ᠤ ᠪᠠᠶᠢᠳᠠᠯ ᠠᠴᠠ ᠦᠵᠡᠪᠡᠯ᠂ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠡᠯ᠎ᠡ ᠭᠠᠵᠠᠷ ᠤᠨ ᠬᠢᠨ ᠬᠦᠴᠦᠲᠡᠢ ᠲᠦᠯᠬᠢᠨ ᠠᠬᠢᠭᠤᠯᠵᠤ᠂ ᠨᠢᠭᠡᠨᠲᠡ 246 ᠲᠦᠮᠡᠨ ᠢᠵᠢ ᠶᠢ ᠲᠤᠰᠢᠶᠠᠨ ᠥᠭᠴᠦ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃      ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号