ᠲᠤᠰᠬᠠᠢ ᠴᠡᠭᠴᠡᠯᠡᠨ ᠵᠠᠰᠠᠨ᠎ᠠ
ᠨᠡᠶᠢᠲᠡᠯᠡᠭᠰᠡᠨ ᠴᠠᠭ᠄
2024/10/22
     10 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠪᠦᠭᠦ ᠣᠷᠣᠨ ᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠡᠷᠭᠢᠯᠡᠵᠦ᠂ ︽︿ᠪᠦᠭᠦ ᠤᠯᠤᠰ ᠤᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠮᠡᠳᠡᠭᠳᠡᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠶᠢ ᠤᠯᠠᠮᠵᠢᠯᠠᠵᠤ᠂ ᠮᠠᠨ ᠤ ᠣᠷᠣᠨ ᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠪᠠ᠃      ᠬᠤᠷᠠᠯ ᠠᠴᠠ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠠᠷᠤᠶᠢᠬᠠᠨ ᠬᠥᠳᠡᠯᠦᠯᠴᠡᠨ᠂ ᠡᠨᠡ ᠵᠢᠯ ᠤᠨ 10 ᠰᠠᠷ᠎ᠠ ᠠᠴᠠ 12 ᠰᠠᠷ᠎ᠠ ᠪᠤᠯᠲᠠᠯ᠎ᠠ ᠪᠠᠷᠢᠯᠭ᠎ᠠ ᠶᠢᠨ ᠬᠤᠭ ᠨᠣᠪᠰᠢ ᠶᠢ ᠭᠠᠷᠭᠠᠬᠤ᠂ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠬᠠᠳᠠᠭᠠᠯᠠᠬᠤ᠂ ᠠᠰᠢᠭᠯᠠᠬᠤ ᠪᠠ ᠰᠢᠢᠳᠪᠦᠷᠢᠯᠡᠬᠦ ᠵᠠᠩᠭᠢᠯᠠᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ 2025 ᠣᠨ ᠳᠤ ᠪᠠᠶᠢᠩᠭᠤ ᠶᠢᠨ ᠴᠡᠭᠴᠡᠯᠡᠨ ᠵᠠᠰᠠᠬᠤ ᠪᠠᠶᠢᠳᠠᠯ ᠳᠤ ᠣᠷᠣᠭᠤᠯᠬᠤ ᠬᠡᠷᠡᠭᠲᠡᠢ᠃ ᠡᠨᠡ ᠵᠢᠯ ᠤᠨ ᠲᠥᠪᠯᠡᠷᠡᠭᠦᠯᠦᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠳ᠋ᠦᠩᠨᠡᠨ ᠵᠠᠳᠠᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠭᠢᠨ ᠬᠠᠷᠠᠬᠤ︾ ᠠᠵᠢᠯᠯᠠᠭ᠎ᠠ ᠶᠢ ᠥᠷᠨᠢᠭᠦᠯᠵᠦ᠂ ᠪᠠᠷᠢᠯᠭ᠎ᠠ  ᠶᠢᠨ ᠬᠤᠭ ᠨᠣᠪᠰᠢ ᠶᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠭᠦᠨ ᠤ ᠬᠠᠮᠲᠤ ᠡᠮᠦᠨᠡᠬᠢ ᠬᠤᠭᠤᠴᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠰᠠᠭᠤᠷᠢᠨ ᠳᠡᠭᠡᠷ᠎ᠡ ᠭᠤᠷᠪᠠᠨ ᠶᠠᠮᠤᠨ ᠵᠥᠪᠯᠡᠯ ᠤᠨ ︽ᠲᠥᠰᠥᠯ︾ ᠪᠠ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠲᠠᠢ ᠭᠤᠣᠯᠳᠠᠯᠭ᠎ᠠ ᠲᠠᠢ ᠬᠠᠷᠢᠴᠠᠭᠤᠯᠤᠨ᠂ ᠠᠯᠳᠠᠭᠳᠠᠯ ᠢ ᠤᠯᠠᠮ ᠨᠢᠭᠡ ᠠᠯᠬᠤᠮ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠡᠯ᠎ᠡ ᠵᠦᠢᠯ ᠤᠨ ᠡᠭᠦᠷᠭᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠠᠨ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠪᠠ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠱᠠᠯᠠᠪᠳᠠᠨ ᠪᠠᠶᠢᠭᠤᠯᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠨ ᠰᠤᠳᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠢ᠃ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠦᠬᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠥᠭᠡᠳ ᠲᠦᠷᠭᠡᠨ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠵᠠᠢ᠃      ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号