ᠰᠠᠶᠢᠬᠠᠨ ᠲᠣᠭᠤᠷᠢᠭ ᠤᠨ ᠵᠠᠰᠠᠭ ᠵᠠᠬᠢᠷᠭᠠᠨ ᠤ ᠮᠠᠷᠭᠤᠭᠠᠨ ᠢ ᠵᠣᠬᠢᠴᠠᠭᠤᠯᠤᠨ ᠰᠢᠢᠳᠪᠦᠷᠢᠯᠡᠬᠦ ᠲᠥᠪ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/10/22
       ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠦᠢᠯᠡᠳᠦᠯ ᠬᠢᠭᠡᠳ ᠵᠠᠰᠠᠭ ᠵᠠᠬᠢᠷᠭᠠᠨ ᠤ ᠳᠠᠬᠢᠨ ᠵᠥᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠪᠣᠳᠠᠲᠠᠢ ᠰᠢᠢᠳᠪᠦᠷᠢᠯᠡᠬᠦ ᠶᠢ ᠠᠬᠢᠭᠤᠯᠬᠤ ᠶᠢᠨ ᠲᠥᠯᠥᠭᠡ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠪᠠᠳᠠᠷᠠᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠰᠢᠢᠳᠪᠦᠷᠢᠯᠡᠬᠦ ᠰᠢᠨ᠎ᠡ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ 10 ᠰᠠᠷ᠎ᠠ ᠶᠢᠨ 18 ᠤ ᠡᠳᠦᠷ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠯᠤᠭ᠎ᠠ ︽ᠵᠠᠰᠠᠭ ᠤᠨ ᠣᠷᠳᠣᠨ ᠰᠢᠭᠦᠬᠦ ᠬᠤᠷᠢᠶ᠎ᠠ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠪᠣᠳᠠᠲᠠᠢ ᠠᠷᠢᠯᠭᠠᠬᠤ ᠠᠵᠢᠯ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾ ᠲᠣᠭᠲᠠᠬᠤ ᠶᠢᠨ ᠬᠠᠮᠲᠤ᠂ ︽ᠵᠠᠰᠠᠭ ᠵᠠᠬᠢᠷᠭᠠᠨ ᠤ ᠮᠠᠷᠭᠤᠯᠳᠤᠭᠠᠨ ᠢ ᠵᠣᠬᠢᠴᠠᠭᠤᠯᠤᠨ ᠠᠷᠢᠯᠭᠠᠬᠤ ᠲᠥᠪ︾ ᠤᠨ ᠫᠠᠶᠢᠰᠠ ᠶᠢ ᠰᠡᠬᠦᠬᠦ ᠶᠣᠰᠣᠯᠠᠯ ᠶᠠᠪᠤᠭᠤᠯᠪᠠ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ︽ᠵᠠᠰᠠᠭ ᠵᠠᠬᠢᠷᠭᠠᠨ ᠤ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠲᠥᠪ︾ ᠢ ᠪᠠᠶᠢᠭᠤᠯᠤᠭᠰᠠᠨ ᠶᠠᠪᠤᠳᠠᠯ ᠪᠣᠯ ᠰᠠᠶᠢᠬᠠᠨ ᠲᠣᠭᠤᠷᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠪᠣᠳᠠᠲᠠᠢ ᠦᠢᠯᠡᠳᠦᠯᠭᠡ ᠪᠣᠯᠣᠨ᠎ᠠ᠂ ᠡᠨᠡ ᠨᠢ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠵᠠᠰᠠᠭ ᠵᠠᠬᠢᠷᠭᠠᠨ ᠤ ᠮᠠᠷᠭᠤᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠭᠰᠠᠨ ᠢ ᠬᠠᠷᠠᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠪᠣᠳᠠᠲᠠᠢ ᠰᠢᠢᠳᠪᠦᠷᠢᠯᠡᠬᠦ ᠶᠢ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠤ ᠬᠠᠮᠲᠤ ᠣᠯᠠᠨ ᠲᠦᠮᠡᠨ ᠳᠤ ᠲᠤᠰᠬᠠᠶᠢᠵᠢᠭᠤᠯᠬᠤ᠂ ᠲᠤᠰᠬᠠᠶᠢᠵᠢᠭᠤᠯᠬᠤ ᠲᠠᠪᠴᠠᠩ ᠬᠠᠩᠭᠠᠵᠤ᠂ ᠰᠠᠶᠢᠬᠠᠨ ᠲᠣᠭᠤᠷᠢᠭ ᠤᠨ ︽ᠳᠠᠬᠢᠨ ᠵᠥᠪᠯᠡᠵᠦ ᠡᠶᠡᠳᠡᠭᠦᠯᠬᠦ︾ ᠰᠢᠨ᠎ᠡ ᠵᠠᠭᠪᠤᠷ ᠢ ᠪᠣᠶ ᠪᠣᠯᠭᠠᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠬᠦᠷᠢᠶᠡᠨ ᠳᠠᠬᠢ ᠠᠵᠢᠯ ᠤᠨ ᠬᠤᠯᠪᠤᠭᠠᠯᠠᠨ ᠬᠥᠳᠡᠯᠦᠯᠴᠡᠬᠦ ᠶᠢ ᠪᠥᠬᠦ ᠲᠠᠯ᠎ᠠ ᠪᠠᠷ ᠴᠢᠩᠭᠠᠳᠬᠠᠬᠤ ᠳᠤ ᠠᠰᠢᠭᠲᠠᠢ ᠪᠣᠯᠭᠠᠵᠠᠢ᠃           ᠰᠠᠶᠢᠬᠠᠨ ᠲᠣᠭᠤᠷᠢᠭ ᠬᠠᠤᠯᠢ ᠪᠠᠷ ᠵᠠᠰᠠᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ ᠲᠥᠪ ᠲᠤ ᠲᠦᠰᠢᠭᠯᠡᠨ ᠰᠠᠮᠠᠭᠤᠷᠠᠯ ᠢ ᠰᠢᠢᠳᠪᠦᠷᠢᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠨᠢᠭᠡᠴᠡ ᠶᠢᠨ ᠳᠠᠪᠠᠭᠤᠯᠢᠭ ᠢ ᠪᠠᠳᠠᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ᠂ ᠰᠢᠭᠦᠬᠦ ᠬᠤᠷᠢᠶ᠎ᠠ ᠪᠣᠯᠣᠨ ᠤᠯᠠᠨ ᠲᠦᠮᠡᠨ ᠤ ᠢᠲᠡᠭᠡᠯᠴᠡᠭᠡ ᠶᠢᠨ ᠬᠥᠭᠦᠷᠭᠡ ᠶᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ᠂ ᠬᠠᠤᠯᠢᠵᠢᠯ ᠤᠨ ᠰᠠᠶᠢᠬᠠᠨ ᠬᠤᠳᠠ ᠶᠢ ᠪᠠᠶᠢᠭᠤᠯᠤᠨ᠎ᠠ᠃       ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号