ᠰᠢ ᠶᠢᠨ ᠫᠢᠩ ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ  ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/10/22
     ᠰᠢᠨᠬᠤᠸᠠ ᠬᠤᠷᠢᠶ᠎ᠠ ᠶᠢᠨ ᠲᠢᠶᠠᠨᠵᠢᠨ ᠤ 10 ᠰᠠᠷ᠎ᠠ ᠶᠢᠨ 20 ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠳᠤ ᠴᠢᠬᠤᠯᠠ ᠵᠢᠭᠠᠪᠤᠷᠢ ᠥᠭᠴᠦ᠂ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠢ ᠪᠦᠲᠦᠭᠡᠨ ᠪᠠᠶᠢᠭᠤᠯᠬᠤ ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ 40 ᠵᠢᠯ ᠤᠨ ᠲᠤᠷᠰᠢ᠂ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠡᠭᠡᠭᠡᠯᠲᠡ ᠪᠠᠨ ᠥᠷᠭᠡᠳᠬᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠤᠨ ᠪᠦᠲᠦᠭᠡᠨ ᠪᠠᠶᠢᠭᠤᠯᠤᠯᠲᠠ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯᠣᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃          ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠲᠣᠭᠤᠷᠢᠨ ᠳᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠣᠯᠣᠨ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠣᠷᠣᠯᠴᠠᠵᠥ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠣᠷᠢᠭᠲᠠᠢ ᠪᠠᠷ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠴᠢ ᠴᠡᠷᠢᠭ ᠪᠣᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ︔ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠳᠬᠡᠨ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ︽ᠳᠤᠮᠳᠠᠳᠤ ᠤᠯᠤᠰ ᠲᠤ ᠪᠡᠯᠡ ᠣᠷᠣᠭᠤᠯᠬᠤ︾ ᠲᠥᠷᠥᠯ ᠲᠡᠮᠳᠡᠭ ᠢ ᠴᠣᠭᠴᠠᠯᠠᠬᠤ ᠳᠤ ᠬᠦᠴᠦᠨ ᠨᠡᠮᠡᠷᠢᠯᠡᠬᠦ ᠬᠡᠷᠡᠭᠲᠡᠢ︔ ᠲᠡᠷᠢᠭᠦᠨ ᠤ ᠦᠢᠯᠡᠳᠬᠦ ᠦᠢᠯᠡᠰ ᠤᠨ ᠠᠵᠤ ᠦᠢᠯᠡᠰ ᠤᠨ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠤ ᠦᠢᠯᠡᠰ ᠢ ᠳᠡᠭᠡᠳᠦ ᠲᠡᠰᠵᠢᠭᠦᠯᠭᠦ ᠪᠣᠬᠢᠷᠳᠤᠯ ᠦᠭᠡᠶᠢᠵᠢᠭᠦᠯᠭᠦ ᠲᠣᠭᠠᠴᠢᠯᠠᠬᠤ ᠶᠢ ᠠᠬᠢᠭᠤᠯᠵᠤ᠂ ᠲᠣᠭᠠᠴᠢᠯᠠᠭᠰᠠᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠢ ᠴᠣᠭᠴᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃          ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ 40 ᠵᠢᠯ ᠤᠨ ᠣᠶ ᠶᠢᠨ ᠶᠠᠷᠢᠯᠴᠠᠬᠤ ᠬᠤᠷᠠᠯ 20 ᠤ ᠡᠳᠦᠷ ᠲᠢᠶᠠᠨᠵᠢᠨ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃ ᠾᠧ ᠯᠢ ᠹᠧᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠢ ᠰᠠᠶᠢᠲᠤᠷ ᠬᠢᠬᠦ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠭᠦᠨᠵᠡᠭᠡᠢ ᠲᠠᠨᠢᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢᠨ ᠭᠠᠵᠠᠷ ᠢ ᠡᠭᠦᠳᠦᠨ ᠴᠣᠭᠴᠠᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠤᠰᠢᠭᠤᠴᠢ ᠪᠣᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠨᠡᠭᠡᠭᠡᠯᠲᠡ ᠪᠣᠯᠣᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠠᠬᠢᠭᠤᠯᠤᠭᠴᠢ ᠪᠤᠯᠬᠤ ᠪᠠᠷ ᠴᠢᠷᠮᠠᠶᠢᠵᠤ᠂ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ ᠪᠡᠯᠡᠳᠬᠡᠯ ᠬᠦᠴᠦᠨ ᠪᠣᠯᠵᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃         ᠬᠤᠳᠠᠯᠳᠤᠭᠠᠨ ᠤ ᠶᠠᠪᠤᠳᠠᠯ ᠤᠨ ᠶᠠᠮᠤᠨ᠂ ᠲᠥᠪ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠲᠢᠶᠠᠨᠵᠢᠨ᠂ ᠵᠢᠶᠠᠩᠰᠤ᠂ ᠠᠨᠾᠦ᠋ᠢ᠂ ᠭᠤᠸᠠᠩᠰᠢ ᠪᠣᠯᠣᠨ ᠤᠯᠤᠰ ᠤᠨ ᠲᠠᠰ ᠤᠨ ᠬᠡᠰᠡᠭ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠦᠭᠡ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号