ᠰᠠᠶᠢᠬᠠᠨ ᠲᠣᠭᠤᠷᠢᠭ᠄ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠦᠷ᠎ᠡ ᠠᠰᠢᠭ ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/10/23
     ᠰᠠᠶᠢᠬᠠᠨ ᠲᠣᠭᠤᠷᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ︽ᠨᠢᠭᠡ ᠬᠦᠰᠦᠨᠦᠭᠲᠦ︾ ︵ᠳᠣᠷᠣᠭᠰᠢ ︽ᠨᠢᠭᠡ ᠬᠦᠰᠦᠨᠦᠭᠲᠦ︾ ᠭᠡᠵᠦ ᠲᠣᠪᠴᠢᠯᠠᠨ᠎ᠠ︶ ᠶᠢᠨ ᠰᠢᠰᠲ᠋ᠧᠮ ᠤᠨ ᠲᠤᠷᠰᠢᠯᠲᠠ ᠶᠢᠨ ᠴᠡᠭ ᠤᠨ ᠬᠡᠷᠡᠭᠯᠡᠯᠲᠡ ᠶᠢ ᠢᠳᠡᠪᠬᠢᠲᠡᠢ ᠠᠬᠢᠭᠤᠯᠵᠤ᠂ ︽ᠨᠢᠭᠡ ᠬᠦᠰᠦᠨᠦᠭᠲᠦ︾ ᠶᠢᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ᠂ ᠡᠬᠡ ᠲᠠᠩᠰᠠ ᠶᠢ ᠡᠮᠬᠢᠯᠡᠨ ᠳᠢᠭᠯᠡᠬᠦ ᠵᠡᠷᠭᠡ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠦᠨᠳᠦᠰᠦᠨ ᠱᠠᠲᠤᠨ ᠤ ᠲᠤᠷᠰᠢᠯᠲᠠ ᠶᠢᠨ ᠣᠷᠣᠨ ᠪᠣᠯᠤᠭᠰᠠᠨ ᠤ ᠬᠤᠪᠢ ᠳᠤ᠂ ︽ᠨᠢᠭᠡ ᠬᠦᠰᠦᠨᠦᠭᠲᠦ ᠪᠠᠷ ᠨᠡᠪᠲᠡᠷᠡᠬᠦ︾ ᠰᠢᠰᠲ᠋ᠧᠮ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠰᠠᠶᠢᠬᠠᠨ ᠲᠣᠭᠤᠷᠢᠭ ᠦᠨᠳᠦᠰᠦᠨ ᠱᠠᠲᠤᠨ ᠤ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠴᠢᠬᠤᠯᠠᠲᠠᠢ 500 ᠭᠠᠷᠤᠢ ᠬᠤᠪᠢ ᠮᠡᠳᠡᠭᠦᠯᠦᠯᠲᠡ ᠶᠢᠨ ᠬᠦᠰᠦᠨᠦᠭᠲᠦ ᠶᠢ 65 ᠬᠤᠪᠢ ᠲᠤᠭ᠎ᠠ ᠪᠠᠷᠢᠮᠲᠠ ᠶᠢᠨ ᠡᠬᠡ ᠲᠠᠩᠰᠠ ᠪᠣᠯᠭᠠᠨ ᠨᠡᠶᠢᠯᠡᠭᠦᠯᠵᠦ᠂ 400 ᠭᠠᠷᠤᠢ ᠬᠤᠪᠢ ᠮᠡᠳᠡᠭᠦᠯᠦᠯᠲᠡ ᠶᠢᠨ ᠬᠦᠰᠦᠨᠦᠭᠲᠦ ᠶᠢ ᠴᠣᠮᠬᠠᠳᠬᠠᠵᠤ᠂ ᠳᠥᠭᠦᠮᠴᠢᠯᠡᠭᠰᠡᠨ ᠨᠤᠷᠮ᠎ᠠ ᠶᠢ 80% ᠳᠤ ᠬᠦᠷᠭᠡᠪᠡ᠃            ᠡᠭᠦᠨ ᠤ ᠬᠠᠮᠲᠤ᠂ ᠰᠠᠶᠢᠬᠠᠨ ᠲᠣᠭᠤᠷᠢᠭ ᠤᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠳᠤ ᠲᠦᠰᠢᠭᠯᠡᠨ ᠦᠨᠳᠦᠰᠦᠨ ᠱᠠᠲᠤᠨ ᠤ ︽ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ︾ ᠶᠢ ᠪᠠᠶᠢᠭᠤᠯᠵᠤ᠂ ᠣᠳᠣᠬᠠᠨ ᠳᠤ ︽ᠨᠢᠭᠡ ᠯᠡ ᠬᠦᠰᠦᠨᠦᠭᠲᠦ ᠳᠤ ᠨᠡᠪᠲᠡᠷᠡᠬᠦ︾ ᠰᠢᠰᠲ᠋ᠧᠮ ᠳᠤ 141.9 ᠲᠦᠮᠡᠨ ᠵᠤᠷᠪᠤᠰ ᠬᠦᠰᠦᠨᠦᠭᠲᠦ ᠬᠠᠩᠭᠠᠵᠤ᠂ ᠲᠤᠭ᠎ᠠ ᠪᠠᠷᠢᠮᠲᠠ ᠶᠢ ︽ᠨᠢᠭᠡ ᠤᠳᠠᠭ᠎ᠠ ᠣᠷᠣᠭᠤᠯᠵᠤ᠂ ᠣᠯᠠᠨ ᠲᠠᠯ᠎ᠠ ᠪᠠᠷ ᠬᠠᠮᠲᠤᠪᠠᠷ ᠡᠳ᠋ᠯᠡᠬᠦ︾ ᠶᠢ ᠪᠡᠶᠡᠯᠡᠭᠦᠯᠵᠦ᠂ ︽ᠦᠨᠳᠦᠰᠦᠨ ᠱᠠᠲᠤ ᠶᠢ ᠡᠷᠢᠵᠦ ᠮᠡᠳᠡᠭᠦᠯᠬᠦ ᠬᠦᠰᠦᠨᠦᠭᠲᠦ︾ ᠶᠢ ︽ᠰᠢᠰᠲ᠋ᠧᠮ ᠠᠴᠠ ᠲᠤᠭ᠎ᠠ ᠪᠠᠷᠢᠮᠲᠠ ᠠᠪᠬᠤ︾ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠰᠠᠯᠠᠭ᠎ᠠ ᠮᠥᠴᠢᠷ ᠤᠨ ᠮᠡᠳᠡᠭᠦᠯᠬᠦ ᠬᠦᠰᠦᠨᠦᠭᠲᠦ ᠶᠢᠨ ᠠᠵᠢᠯ ᠤᠨ ᠬᠡᠮᠵᠢᠶ᠎ᠡ ᠶᠢ ᠪᠠᠭᠠᠰᠬᠠᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠦᠨᠡᠨᠬᠦ ᠨᠡᠮᠡᠭᠳᠡᠭᠦᠯᠪᠡ᠃
      10 ᠰᠠᠷ᠎ᠠ ᠶᠢᠨ 17 ᠤ ᠡᠳᠦᠷ᠂ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ  ᠠᠵᠢᠯᠲᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ︽ᠨᠢᠭᠡ ᠬᠦᠰᠦᠨᠦᠭᠲᠦ ᠲᠠᠢ ᠨᠡᠪᠲᠡᠷᠡᠬᠦ︾ ᠰᠢᠰᠲ᠋ᠧᠮ ᠢ ᠬᠡᠷᠡᠭᠯᠡᠨ ᠮᠡᠳᠡᠭᠡ ᠵᠠᠩᠭᠢ ᠪᠠᠨ ᠲᠠᠭᠯᠠᠨ ᠮᠡᠳᠡᠭᠦᠯᠦᠨ᠎ᠡ᠃
      10 ᠰᠠᠷ᠎ᠠ ᠶᠢᠨ 17 ᠤ ᠡᠳᠦᠷ᠂ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ︽ᠨᠢᠭᠡ ᠬᠦᠰᠦᠨᠦᠭᠲᠦ ᠲᠠᠢ ᠨᠡᠪᠲᠡᠷᠡᠬᠦ︾ ᠰᠢᠰᠲ᠋ᠧᠮ ᠢ ᠬᠡᠷᠡᠭᠯᠡᠨ ᠮᠡᠳᠡᠭᠡ ᠵᠠᠩᠭᠢ ᠪᠠᠨ ᠲᠠᠭᠯᠠᠨ ᠮᠡᠳᠡᠭᠦᠯᠦᠨ᠎ᠡ᠃
      10 ᠰᠠᠷ᠎ᠠ ᠶᠢᠨ 18 ᠤ ᠡᠳᠦᠷ᠂ ᠰᠠᠶᠢᠬᠠᠨ ᠲᠣᠭᠤᠷᠢᠭ ᠤᠨ ᠬᠢᠩᠭᠠᠨ ᠡᠮᠦᠨ᠎ᠡ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ︽ᠨᠢᠭᠡ ᠬᠦᠰᠦᠨᠦᠭᠲᠦ︾ ᠰᠢᠰᠲ᠋ᠧᠮ ᠢ ᠬᠡᠷᠡᠭᠯᠡᠨ ᠮᠡᠳᠡᠭᠡ ᠵᠠᠩᠭᠢ ᠪᠠᠨ ᠲᠠᠭᠯᠠᠨ ᠮᠡᠳᠡᠭᠦᠯᠦᠨ᠎ᠡ᠃
      10 ᠰᠠᠷ᠎ᠠ ᠶᠢᠨ 18 ᠤ ᠡᠳᠦᠷ᠂ ᠰᠠᠶᠢᠬᠠᠨ ᠲᠣᠭᠤᠷᠢᠭ ᠤᠨ ᠬᠢᠩᠭᠠᠨ ᠡᠮᠦᠨ᠎ᠡ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ︽ᠨᠢᠭᠡ ᠬᠦᠰᠦᠨᠦᠭᠲᠦ︾  ᠶᠢᠨ ᠰᠢᠰᠲ᠋ᠧᠮ ᠢ ᠬᠡᠷᠡᠭᠯᠡᠭᠰᠡᠨ ᠪᠠᠶᠢᠳᠠᠯ ᠢ ᠰᠣᠯᠢᠯᠴᠠᠪᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号