| ︵ᠰᠤᠷᠪᠤᠯᠵᠢᠯᠠᠭᠴᠢ ᠶᠠᠩ ᠼᠠᠢ ᠰᠢᠶᠠ︶ 10 ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ | ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ︵ᠳᠣᠷᠣᠭᠰᠢ ᠰᠠᠨᠰᠠᠷ ᠤᠨ ᠠᠶᠠᠯᠠᠯ ᠤᠨ | ᠨᠡᠭᠡᠭᠡᠯᠲᠡ ᠶᠢᠨ ᠲᠣᠭᠤᠷᠢᠭ ᠭᠡᠵᠦ ᠲᠣᠪᠴᠢᠯᠠᠨ᠎ᠠ︶ ᠲᠤ ᠬᠠᠷᠢᠶᠠᠯᠠᠭᠳᠠᠬᠤ ᠥᠪᠥᠷ ᠮᠣᠩᠭᠤᠯ ᠤᠨ ᠳᠣᠣᠷ᠎ᠠ | ᠣᠭᠲᠠᠷᠭᠤᠢ ᠶᠢᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠬᠢᠭᠡᠳ ᠨᠠᠨᠵᠢᠩ ᠤᠨ ᠬᠤᠸᠠ ᠧᠦ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ | ᠬᠦᠷᠢᠶᠡᠯᠡᠩ ᠤᠨ ᠬᠢᠵᠠᠭᠠᠷᠲᠤ ᠺᠣᠮᠫᠠᠨᠢ ︵ᠳᠣᠷᠣᠭᠰᠢ ᠨᠠᠨᠵᠢᠩ ᠤᠨ ᠬᠤᠸᠠ ᠧᠦ ᠺᠣᠮᠫᠠᠨᠢ ᠭᠡᠵᠦ ᠲᠣᠪᠴᠢᠯᠠᠨ᠎ᠠ︶ | ᠲᠠᠢ ᠵᠢᠯᠣᠭᠤᠴᠢ ᠦᠭᠡᠢ ᠨᠢᠰᠬᠡᠯ ᠦᠢᠯᠡᠳᠬᠦ ᠲᠥᠷᠥᠯ ᠵᠦᠢᠯ ᠤᠨ ᠦᠢᠯᠡᠳᠪᠦᠷᠢ ᠶᠢᠨ ᠭᠡᠷ ᠪᠠᠶᠢᠰᠢᠩ ᠢ | ᠲᠦᠷᠢᠶᠡᠰᠦᠯᠡᠬᠦ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ | | | ᠨᠠᠨᠵᠢᠩ ᠤᠨ ᠬᠤᠸᠠ ᠧᠦ ᠺᠣᠮᠫᠠᠨᠢ ᠪᠣᠯ ᠵᠢᠯᠣᠭᠤᠴᠢ ᠦᠭᠡᠢ ᠨᠢᠰᠬᠡᠯ ᠢ ᠰᠤᠳᠤᠯᠤᠨ ᠨᠡᠭᠡᠭᠡᠬᠦ᠂ ᠦᠢᠯᠡᠳᠬᠦ | ᠵᠢᠴᠢ ᠡᠵᠡᠩᠨᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯᠣᠨ᠎ᠠ᠃ 2024 ᠣᠨ ᠤ | 8 ᠳ᠋ᠤᠭᠠᠷ ᠰᠠᠷ᠎ᠠ ᠳᠤ ᠰᠠᠨᠰᠠᠷ ᠤᠨ ᠠᠶᠠᠯᠠᠯ ᠤᠨ ᠨᠡᠭᠡᠭᠡᠯᠲᠡ ᠶᠢᠨ ᠲᠣᠭᠤᠷᠢᠭ ᠲᠤ ᠨᠠᠶᠢᠳᠠᠪᠤᠷᠢᠵᠢᠭᠰᠠᠨ ᠠᠴᠠ ᠨᠠᠭᠠᠰᠢ᠂ | ᠰᠠᠨᠰᠠᠷ ᠤᠨ ᠠᠶᠠᠯᠠᠯ ᠤᠨ ᠨᠡᠭᠡᠭᠡᠯᠲᠡ ᠶᠢᠨ ᠲᠣᠭᠤᠷᠢᠭ ᠤᠨ ᠳᠣᠬᠢᠭᠤᠷ ᠳᠤᠯᠤᠭᠠᠨ ᠬᠡᠷᠡᠭᠯᠡᠭᠡᠨ ᠤ ᠠᠵᠤ ᠦᠢᠯᠡᠰ ᠤᠨ | ᠬᠦᠷᠢᠶᠡᠯᠡᠩ ᠳᠤ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠺᠣᠮᠫᠠᠨᠢ ᠪᠣᠯᠣᠨ ᠵᠢᠯᠣᠭᠤᠴᠢ ᠦᠭᠡᠢ ᠨᠢᠰᠬᠡᠯ ᠢ | ᠰᠤᠳᠤᠯᠤᠨ ᠨᠡᠭᠡᠭᠡᠬᠦ ᠲᠦᠷᠦᠯ ᠵᠦᠢᠯ ᠢ ᠪᠠᠶᠢᠷᠢᠰᠢᠭᠤᠯᠵᠠᠢ᠃ ᠲᠣᠰ ᠤᠳᠠᠭᠠᠨ ᠤ ᠭᠡᠷ᠎ᠡ ᠲᠣᠭᠲᠠᠭᠰᠠᠨ ᠨᠢ | ᠨᠠᠨᠵᠢᠩ ᠤᠨ ᠬᠤᠸᠠ ᠧᠦ ᠺᠣᠮᠫᠠᠨᠢ ᠶᠢᠨ ᠰᠤᠳᠤᠯᠤᠨ ᠦᠢᠯᠡᠳᠦᠭᠰᠡᠨ ᠵᠢᠯᠣᠭᠤᠴᠢ ᠦᠭᠡᠢ ᠨᠢᠰᠬᠡᠯ ᠤᠨ ᠬᠠᠮᠢᠶ᠎ᠠ | ᠪᠦᠬᠦᠢ ᠨᠢᠰᠬᠡᠯ ᠤᠨ ᠬᠡᠯᠪᠡᠷᠢ ᠨᠢ ᠬᠥᠬᠡᠬᠤᠲᠠ ᠳᠤ ᠦᠢᠯᠡᠳᠪᠦᠷᠢᠯᠡᠬᠦ ᠪᠣᠯᠤᠭᠰᠠᠨ ᠢ ᠬᠠᠷᠠᠭᠤᠯᠵᠤ ᠪᠠᠶᠢᠬᠤ ᠪᠥᠭᠡᠳ | ᠰᠠᠨᠰᠠᠷ ᠤᠨ ᠠᠶᠠᠯᠠᠯ ᠤᠨ ᠨᠡᠭᠡᠭᠡᠯᠲᠡ ᠶᠢᠨ ᠲᠣᠭᠤᠷᠢᠭ ᠲᠤ ᠨᠠᠶᠢᠳᠠᠪᠤᠷᠢᠵᠢᠭᠰᠠᠨ ᠠᠩᠬᠠᠳᠠᠭᠴᠢ ᠵᠢᠯᠣᠭᠤᠴᠢ ᠦᠭᠡᠢ | ᠨᠢᠰᠬᠡᠯ ᠦᠢᠯᠡᠳᠬᠦ ᠲᠥᠷᠥᠯ ᠵᠦᠢᠯ ᠪᠠᠶᠢᠵᠤ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠠᠴᠢ | ᠬᠤᠯᠪᠣᠭᠳᠠᠯ ᠲᠠᠢ ᠶᠤᠮ᠃ |